ᠱᠢ ᠵᠦᠩ ᠴᠢᠨ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠳᠡᠳ᠋ ᠶᠡᠷᠦᠩᠬᠡᠢ ᠵᠠᠬᠢᠷᠤᠯ ᠴᠧᠩ ᠬᠤᠣ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ
ᠨᠡᠶᠢᠲᠡᠯᠡᠭᠰᠡᠨ ᠴᠠᠭ᠄
2024/5/11
      5 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠲᠠᠷᠤᠭ᠎ᠠ ᠱᠢ ᠵᠥᠩ ᠴᠢᠨ ᠬᠤᠷᠠᠯ ᠤᠨ ᠶᠠᠪᠤᠳᠠᠯ ᠤᠨ ᠲᠥᠪ ᠲᠤ  ᠬᠤᠰᠢᠭᠤᠨ ᠳᠤ ᠢᠷᠡᠵᠦ ᠪᠠᠶᠢᠴᠠᠭᠠᠯᠳᠠ ᠬᠢᠭᠰᠡᠨ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠳᠡᠳ᠋ ᠶᠡᠷᠦᠩᠬᠡᠶ ᠳᠠᠭᠠᠭᠠᠮᠠᠯ ᠴᠧᠩ ᠬᠤᠤ ᠨᠠᠷ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠳᠡᠳ᠋ ᠬᠤᠰᠢᠭᠤᠨ ᠳᠠᠷᠤᠭ᠎ᠠ ᠳ᠋ᠠᠩ ᠰᠢᠶᠤᠤ ᠬᠤᠩ ᠣᠷᠣᠯᠴᠠᠪᠠ᠃      ᠱᠢ ᠵᠦᠩ ᠴᠢᠨ ᠵᠣᠴᠢᠳ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠤᠯᠪᠣᠭᠳᠠᠯ ᠪᠦᠬᠦᠢ ᠪᠠᠶᠢᠳᠠᠯ ᠢ ᠲᠣᠪᠴᠢ ᠲᠠᠨᠢᠯᠴᠠᠭᠤᠯᠪᠠ᠃ ᠱᠢ ᠵᠦᠩ ᠴᠢᠨ ᠬᠡᠯᠡᠬᠦ ᠳᠤ ᠪᠠᠨ᠂ ᠨᠢᠳᠤᠨᠤᠨ᠂ ᠮᠠᠨ ᠤ ᠬᠤᠰᠢᠭᠤ ᠨᠢᠭᠡᠨᠲᠡ ᠵᠠᠮ ᠬᠠᠷᠢᠯᠴᠠᠭᠠᠨ ᠤ ᠪᠦᠯᠦᠭᠯᠡᠯ ᠲᠠᠢ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠵᠤ᠂ ᠬᠤᠶᠠᠷ ᠲᠠᠯ᠎ᠠ ᠪᠠᠷ ᠢᠶᠠᠨ ᠦᠷᠭᠦᠯᠵᠢᠯᠡᠨ ᠣᠶᠢᠯᠠᠭᠠᠯᠴᠠᠭ᠎ᠠ ᠪᠠᠨ ᠭᠦᠨᠵᠡᠭᠡᠶᠢᠷᠡᠭᠦᠯᠵᠦ᠂ ᠢᠲᠡᠭᠡᠯᠴᠡᠭᠡ ᠪᠠᠨ ᠨᠡᠮᠡᠭᠳᠡᠭᠦᠯᠵᠦ᠂ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ ᠢ ᠠᠬᠢᠭᠤᠯᠬᠤ ᠵᠡᠷᠭᠡ ᠲᠠᠯ᠎ᠠ ᠪᠠᠷ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ᠂ ᠨᠡᠩ ᠯᠠᠪᠳᠠᠭᠤᠨ ᠪᠠᠲᠤᠲᠠᠢ ᠬᠠᠮᠲᠤᠷᠠᠯᠴᠠᠭᠠᠨ ᠤ ᠰᠠᠭᠤᠷᠢ ᠶᠢ ᠲᠦᠷᠭᠡᠨ ᠪᠠᠲᠤᠳᠬᠠᠬᠤ ᠶᠢ ᠬᠦᠰᠡᠵᠦ ᠪᠠᠶᠢᠨ᠎ᠠ ᠭᠡᠪᠡ᠃ ᠳᠠᠷᠬᠠᠨ ᠮᠤᠤᠮᠢᠩᠭᠠᠨ ᠬᠤᠯᠪᠣᠭᠠᠲᠤ  ᠬᠤᠰᠢᠭᠤ ᠴᠢᠨᠠᠷ ᠰᠠᠢᠲᠠᠢ ᠦᠢᠯᠡᠴᠢᠯᠡᠭᠡ ᠪᠠᠷ ᠠᠵᠤ ᠠᠬᠤᠢᠯᠠᠯ ᠤᠨ ᠬᠥᠭᠵᠢᠯᠲᠡ ᠶᠢ ᠬᠠᠮᠠᠭᠠᠯᠠᠨ᠎ᠠ᠃      ᠴᠧᠩ ᠬᠤᠤ ᠢᠯᠡᠷᠬᠡᠶᠢᠯᠡᠬᠦ ᠳᠡᠭᠡᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠬᠠᠨᠳᠤᠰᠢ ᠴᠢᠩᠭ᠎ᠠ᠂ ᠬᠥᠭᠵᠢᠯᠲᠡ ᠶᠢᠨ ᠰᠠᠭᠤᠷᠢ ᠪᠠᠲᠤ᠂ ᠡᠬᠢ ᠪᠠᠶᠠᠯᠢᠭ ᠡᠯᠪᠡᠭ ᠪᠠᠶᠠᠯᠢᠭ ᠪᠠᠶᠢᠳᠠᠭ᠂ ᠵᠠᠮ ᠬᠠᠷᠢᠯᠴᠠᠭᠠᠨ ᠤ ᠪᠦᠯᠦᠭᠯᠡᠯ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠶᠡᠷᠦᠩᠬᠡᠶᠢᠯᠡᠭᠰᠡᠨ ᠡᠨᠧᠷᠭᠢ ᠶᠢᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠣᠯᠤᠭᠰᠠᠨ ᠰᠠᠭᠤᠷᠢᠨ ᠲᠡᠭᠡᠷ᠎ᠡ ᠬᠠᠮᠲᠤᠷᠠᠯᠴᠠᠭᠠᠨ ᠤ ᠣᠷᠣᠨ ᠵᠠᠶ ᠶᠢ ᠢᠳᠡᠪᠬᠢᠲᠡᠶ ᠥᠷᠭᠡᠳᠬᠡᠵᠦ᠂ ᠬᠠᠮᠳᠣᠪᠠᠷ ᠠᠰᠢᠭ ᠬᠦᠷᠳᠡᠭᠰᠡᠨ ᠬᠦᠭᠵᠢᠯᠳᠡ ᠶᠢᠨ ᠵᠠᠮ ᠢ ᠪᠡᠶᠡᠯᠡᠭᠦᠯᠦᠨ᠎ᠡ᠃      ᠶᠠᠷᠢᠯᠴᠠᠬᠤ ᠬᠤᠷᠠᠯ ᠤᠨ ᠲᠠᠷᠠᠭ᠎ᠠ᠂ ᠴᠧᠩ ᠬᠤᠤ ᠨᠠᠷ ᠪᠠᠭ᠎ᠠ ᠤᠩᠭᠤᠨ ᠰᠢᠶᠠᠩ ᠤᠨ ᠯᠠᠲ᠋ᠢᠨ ᠶᠢᠰᠦᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ ᠲᠤ ᠬᠦᠷᠴᠦ ᠲᠤᠬᠠᠢ ᠶᠢᠨ ᠭᠠᠵᠠᠷ ᠲᠤᠨᠢ  ᠪᠠᠶᠢᠴᠠᠭᠠᠯᠳᠠ ᠬᠢᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号