︽ᠭᠠᠵᠠᠷ ᠵᠦᠶ ᠶᠢᠨ ᠢᠯᠡᠷᠬᠡᠶᠢᠯᠡᠯᠳᠦ ᠪᠦᠲᠦᠭᠡᠭᠳᠡᠬᠦᠨ  ᠳᠠᠷᠬᠠᠨ ᠮᠤᠤᠮᠢᠩᠭᠠᠨ ᠤ ᠲᠦᠮᠦᠰᠦ ︾ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠨᠤᠲᠤᠭ ᠤᠨ ᠪᠠᠷᠢᠮᠵᠢᠶ᠎ᠠ ᠳᠤ ᠵᠠᠰᠠᠪᠤᠷᠢ  ᠤᠷᠤᠭᠤᠯᠤᠭᠰᠠᠨ ᠪᠦᠭᠡᠳ ᠨᠡᠶᠢᠲᠡᠯᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/5/17
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠮᠤᠨᠢ ᠠᠭᠤᠯᠠ ᠶᠢᠨ ᠠᠷᠤ ᠲᠠᠯ᠎ᠠ ᠳᠤ ᠪᠠᠶᠢᠷᠢᠯᠠᠵᠤ᠂ ᠪᠣᠷᠣᠭᠠᠨ ᠪᠠ ᠬᠠᠯᠠᠭᠤᠨ ᠠᠭᠤᠷ ᠠᠮᠢᠰᠬᠤᠯ ᠵᠡᠷᠭᠡᠴᠡᠨ᠂ ᠬᠤᠷ᠎ᠠ ᠲᠣᠨᠣᠳᠠᠰᠤ ᠪᠠᠭ᠎ᠠ ᠮᠥᠷᠲᠡᠭᠡᠨ ᠲᠥᠪᠯᠡᠷᠡᠵᠦ᠂ ᠨᠡᠷᠡᠨ ᠤ ᠲᠤᠰᠤᠯᠲᠠ ᠣᠷᠳᠣ᠂ ᠭᠡᠷᠡᠯ ᠤᠨ ᠲᠤᠰᠤᠯᠲᠠ ᠭᠦᠢᠴᠡᠳ᠂ ᠲᠥᠮᠥᠰᠥ ᠳᠠᠷᠢᠬᠤ ᠳᠠᠪᠠᠭᠤᠯᠢᠭ ᠠᠭᠤᠷ ᠠᠮᠢᠰᠬᠤᠯ ᠤᠨ ᠣᠷᠴᠢᠨ ᠲᠣᠭᠤᠷᠢᠨ ᠲᠠᠢ ᠪᠠᠶᠢᠵᠤ᠂ ᠬᠥᠷᠥᠰᠥ ᠰᠢᠷᠣᠢ ᠨᠢ ᠪᠠᠰᠠ ᠬᠦᠷᠡᠩ ᠺᠠᠯᠼᠲᠤ ᠬᠥᠷᠥᠰᠥ ᠰᠢᠷᠣᠢ ᠪᠠ ᠡᠯᠡᠰᠦᠷᠬᠡᠭ ᠭᠠᠵᠠᠷ ᠰᠢᠷᠣᠢ ᠪᠠᠶᠢᠵᠤ᠂ ᠲᠥᠮᠥᠰᠥ ᠶᠢᠨ ᠤᠷᠭᠤᠯᠲᠠ ᠳᠤ ᠬᠠᠮᠤᠭ ᠤᠨ ᠲᠤᠬᠢᠷᠠᠮᠵᠢᠳᠠᠢ ᠭᠠᠵᠠᠷ ᠰᠢᠷᠣᠢ ᠪᠣᠯᠬᠤ ᠪᠥᠭᠡᠳ ᠬᠥᠷᠥᠰᠥ ᠰᠢᠷᠣᠶ᠂ ᠤᠰᠤᠨ ᠤ ᠡᠬᠢ ᠰᠤᠷᠪᠤᠯᠵᠢ ᠪᠠ ᠠᠭᠠᠷ ᠮᠠᠨᠳᠠᠯ ᠳᠤ ᠴᠥᠮ ᠪᠣᠬᠢᠷᠲᠤᠯ ᠥᠬᠡᠶ ᠪᠠᠶᠢᠵᠤ᠂ ᠲᠥᠮᠥᠰᠥ ᠦᠢᠯᠡᠳᠪᠦᠷᠢᠯᠡᠬᠦ ᠲᠣᠬᠢᠷᠠᠮᠵᠢᠲᠠᠶ ᠭᠠᠵᠠᠷ ᠪᠣᠯᠤᠨ᠎ᠠ᠃ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠦᠮᠦᠰᠦ ᠨᠢ ᠤᠨᠴᠠᠭᠠᠢ ᠪᠠᠶᠢᠭᠠᠯᠢ ᠶᠢᠨ ᠨᠦᠭᠦᠴᠡᠯ ᠲᠤᠤᠷ᠎ᠠ ᠦᠰᠦᠨ ᠪᠤᠶᠢᠵᠢᠳᠠᠭ ᠠᠴᠠ  ᠪᠡᠶ᠎ᠡ ᠪᠠᠷ ᠶᠡᠭᠡ᠂ ᠵᠢᠭᠳᠡ᠂ ᠬᠠᠭᠤᠷᠠᠢ ᠪᠣᠳᠠᠰ ᠤᠨ ᠠᠭᠤᠯᠤᠭᠳᠠᠴᠠ ᠦᠨᠳᠦᠷ᠂  ᠭᠦᠯᠢᠭᠡᠷ᠂ ᠪᠤᠬᠢᠷᠳᠦᠯ ᠦᠭᠡᠢ᠂ ᠲᠠᠴᠢᠷᠳᠠᠬᠤ ᠪᠠᠷ ᠬᠦᠩᠭᠡᠨ᠂ ᠡᠪᠡᠳᠴᠢᠨ ᠬᠤᠷᠤᠬᠠᠢ ᠶᠢᠨ ᠬᠦᠨᠦᠭᠡᠯ ᠪᠠᠭ᠎ᠠ ᠵᠡᠷᠭᠡ ᠤᠨᠴᠠᠯᠢᠭ ᠲᠠᠢ᠂ ᠡᠶᠢᠮᠦ ᠠᠴᠠ ᠦᠷ᠎ᠡ ᠶᠢᠨ ᠲᠦᠮᠦᠰᠦ ᠪᠠ ᠲᠠᠸᠠᠷ ᠤᠨ ᠲᠦᠮᠦᠰᠦ ᠨᠢ ᠪᠦᠬᠦ ᠤᠯᠤᠰ ᠪᠠ ᠵᠡᠭᠦᠨ ᠡᠮᠦᠨᠡᠲᠦ ᠠᠽᠢᠶ᠎ᠠ ᠶᠢᠨ ᠵᠠᠬ᠎ᠠ ᠳᠡᠯᠭᠡᠭᠦᠷ ᠲᠤ ᠨᠡᠷ᠎ᠡ ᠠᠯᠳᠠᠷᠰᠢᠵᠠᠢ᠃      ︽ᠭᠠᠵᠠᠷ ᠵᠦᠶ ᠶᠢᠨ ᠢᠯᠡᠷᠬᠡᠶᠢᠯᠡᠯᠳᠦ ᠪᠦᠲᠦᠭᠡᠭᠳᠡᠬᠦᠨ  ᠳᠠᠷᠬᠠᠨ ᠮᠤᠤᠮᠢᠩᠭᠠᠨ ᠤ ᠲᠥᠮᠥᠰᠥ︾ ᠶᠢᠨ ᠣᠷᠣᠨ ᠨᠤᠲᠤᠭ ᠤᠨ ᠪᠠᠷᠢᠮᠵᠢᠶ᠎ᠠ ᠶᠢ 2017 ᠣᠨ ᠳᠤ ᠨᠡᠶᠢᠲᠡᠯᠡᠵᠦ᠂  ᠬᠡᠷᠡᠭᠵᠢᠭᠦᠯᠦᠭᠰᠡᠨ ᠠᠴᠠ ᠣᠲᠣ ᠪᠣᠯᠲᠠᠯ᠎ᠠ᠂  ᠪᠠᠷᠢᠮᠵᠢᠶ᠎ᠡ ᠲᠤᠳᠤᠷᠠᠬᠢ ᠬᠡᠰᠡᠭ ᠭᠦᠢᠴᠡᠳᠭᠡᠯ ᠲᠤᠭ᠎ᠠ᠂ ᠨᠢᠭᠡᠨᠲᠡ ᠲᠥᠮᠥᠰᠥ ᠦᠢᠯᠡᠳᠪᠦᠷᠢᠯᠡᠵᠦ ᠪᠣᠷᠣᠯᠠᠭᠤᠯᠬᠤ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠬᠤ ᠥᠬᠡᠶ ᠪᠣᠯᠵᠠᠶ᠂ ︽2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢ ᠲᠥᠪᠯᠡᠷᠡᠭᠦᠯᠦᠨ ᠳᠠᠬᠢᠨ ᠬᠢᠨᠠᠭᠰᠠᠨ ᠳ᠋ᠦᠩᠨᠡᠯᠲᠡ ᠶᠢᠨ ᠲᠤᠬᠠᠶ ᠠᠯᠪᠠᠨ ᠵᠠᠷ︾ ᠵᠡᠷᠭᠡ ᠪᠢᠴᠢᠭ ᠮᠠᠲ᠋ᠧᠷᠢᠶᠠᠯ ᠢ ᠦᠨᠳᠦᠰᠦᠯᠡᠨ᠂ 2022 ᠣᠨ ᠤ 8 ᠰᠠᠷ᠎ᠠ ᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠳᠤᠷᠠᠳᠤᠨ ᠭᠠᠷᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ︽ᠭᠠᠵᠠᠷ ᠵᠦᠶ ᠶᠢᠨ ᠢᠯᠡᠷᠬᠡᠶᠢᠯᠡᠯᠳᠦ ᠪᠦᠲᠦᠭᠡᠭᠳᠡᠬᠦᠨ ᠳᠠᠷᠬᠠᠨ ᠮᠤᠤᠮᠢᠩᠭᠠᠨ ᠤ ᠲᠥᠮᠥᠰᠥ︾ ᠶᠢᠨ ᠣᠷᠣᠨ ᠨᠤᠲᠤᠭ ᠤᠨ ᠪᠠᠷᠢᠮᠵᠢᠶ᠎ᠠ ᠳᠤ ᠬᠠᠮᠵᠢᠯᠴᠠᠨ ᠵᠠᠰᠠᠪᠤᠷᠢ ᠣᠷᠣᠭᠤᠯᠪᠠ᠃      ᠰᠢᠨ᠎ᠡ ᠪᠠᠷ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠨᠤᠲᠤᠭ ᠤᠨ ᠪᠠᠷᠢᠮᠵᠢᠶ᠎ᠠ ︽ᠭᠠᠵᠠᠷ ᠵᠦᠶ ᠶᠢᠨ ᠢᠯᠡᠷᠬᠡᠶᠢᠯᠡᠯᠳᠦ ᠪᠦᠲᠦᠭᠡᠭᠳᠡᠬᠦᠨ  ᠳᠠᠷᠬᠠᠨ ᠮᠤᠤᠮᠢᠩᠭᠠᠨ ᠤ ᠲᠥᠮᠥᠰᠥ︾ ᠶᠢ ᠬᠡᠷᠡᠭᠵᠢᠭᠦᠯᠬᠦ ᠨᠢ ᠣᠳᠣᠬᠠᠨ ᠤ ᠪᠠᠶᠢᠳᠠᠯ ᠤᠨ ᠬᠥᠭᠵᠢᠯᠲᠡ ᠶᠢᠨ ᠬᠡᠷᠡᠭᠴᠡᠭᠡ ᠳᠤ ᠨᠠᠩ ᠢᠯᠡᠭᠦᠤ  ᠲᠤᠬᠢᠷᠠᠵᠦ᠂ ᠲᠥᠮᠥᠰᠥ ᠦᠢᠯᠡᠳᠪᠦᠷᠢᠯᠡᠬᠦ ᠮᠡᠷᠭᠡᠵᠢᠯ ᠤᠨ ᠬᠢᠷᠢ ᠲᠦᠪᠰᠢᠨ ᠪᠠ ᠦᠢᠯᠡᠳᠬᠦᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠤᠯᠠᠮ ᠨᠢᠭᠡ ᠠᠯᠬᠤᠮ ᠠᠬᠢᠭᠤᠯᠵᠤ᠂  ᠲᠦᠮᠦᠰᠦ ᠶᠢᠨ ᠬᠠᠮᠠᠭᠠᠯᠠᠯᠳᠠ᠂ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠ ᠦᠨᠡᠯᠡᠬᠦ᠂ ᠦᠢᠯᠡᠳᠪᠦᠷᠢᠯᠡᠯ ᠤᠨ ᠮᠡᠷᠭᠡᠵᠢᠯ᠂ ᠬᠠᠳᠠᠭᠠᠯᠠᠬᠤ ᠮᠡᠷᠭᠡᠵᠢᠯ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠵᠡᠷᠭᠡ ᠲᠠᠯ᠎ᠠ ᠪᠠᠷ ᠵᠢᠯᠤᠭᠤᠳᠴᠦ ᠵᠢᠷᠤᠮᠵᠢᠭᠰᠠᠨ᠂ ᠪᠠᠷᠢᠮᠵᠢᠶᠠᠵᠢᠭᠰᠠᠨ ᠰᠠᠶᠢᠨ ᠬᠥᠭᠵᠢᠯᠲᠡ ᠶᠢᠨ ᠵᠠᠮ ᠢᠶᠠᠷ ᠵᠠᠮᠨᠠᠭᠤᠯᠬᠤ ᠨᠢ ᠮᠥᠨ ᠴᠦ ᠲᠥᠮᠥᠰᠥ ᠶᠢᠨ ᠠᠵᠤ ᠦᠢᠯᠡᠰ ᠤᠨ ᠡᠷᠡᠭᠦᠯ᠂ ᠡᠮᠬᠢ ᠵᠢᠷᠤᠮ ᠲᠠᠢ ᠬᠥᠭᠵᠢᠯᠲᠡ ᠳᠤ ᠠᠰᠢᠭᠲᠠᠶ ᠶᠤᠮ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号