ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ︽ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ︾ ᠶᠢ ᠬᠡᠷᠡᠭᠵᠢᠭᠦᠯᠵᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠵᠤ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢ ᠪᠠᠬᠢᠵᠢᠭᠦᠯᠵᠦ ᠬᠢᠯᠢ ᠬᠢᠵᠠᠭᠠᠷ ᠢ ᠬᠥᠭᠵᠢᠭᠦᠯᠦᠨ ᠮᠠᠨᠳᠤᠭᠤᠯᠪᠠ
ᠨᠡᠶᠢᠲᠡᠯᠡᠭᠰᠡᠨ ᠴᠠᠭ᠄
2024/5/23
      ᠣᠶᠢᠷ᠎ᠠ ᠶᠢᠨ ᠵᠢᠯ ᠠᠴᠠ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠬᠢᠯᠢ ᠬᠢᠵᠠᠭᠠᠷ ᠣᠷᠣᠨ ᠳᠤ ︽  ᠵᠢᠭᠤᠯᠴᠢᠯᠡᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ︾ ᠶᠢ ᠬᠡᠷᠡᠭᠵᠢᠭᠦᠯᠵᠦ᠂ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠦᠯᠢᠭᠡᠷ᠂ ᠪᠣᠳᠠᠰ ᠤᠨ ᠪᠤᠰᠤ ᠰᠣᠶᠣᠯ ᠤᠨ ᠥᠪ ᠤᠨ ᠦᠯᠢᠭᠡᠷ᠂ ᠣᠨᠴᠠᠯᠢᠭᠲᠤ ᠠᠵᠤ ᠦᠢᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠭᠰᠠᠨ ᠦᠯᠢᠭᠡᠷ ᠵᠢᠴᠢ ᠮᠣᠩᠭᠤᠯ ᠮᠣᠷᠢᠨ ᠤ ᠵᠣᠷᠢᠭ ᠰᠠᠨᠠᠭ᠎ᠠ ᠵᠡᠷᠭᠡ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠤᠷᠭᠠᠨ ᠬᠥᠮᠦᠵᠢᠯ ᠤᠨ ᠡᠬᠢ ᠪᠠᠶᠠᠯᠢᠭ ᠪᠣᠯᠭᠠᠵᠤ᠂ ᠰᠤᠳᠤᠯᠤᠨ ᠰᠤᠷᠤᠯᠴᠠᠬᠤ ᠵᠠᠮ ᠱᠤᠭᠤᠮ ᠤᠨ ᠦᠵᠡᠭᠦᠯᠦᠯᠭᠡ ᠶᠢᠨ ᠠᠭᠤᠯᠭ᠎ᠠ ᠳᠤ ᠪᠦᠲᠦᠮᠵᠢᠲᠡᠢ ᠠᠭᠤᠰᠤᠯᠴᠠᠭᠤᠯᠵᠤ᠂ ᠰᠣᠶᠣᠯ ᠵᠢᠭᠤᠯᠴᠢᠯᠡᠯ ᠤᠨ ᠠᠭᠤᠰᠤᠯᠴᠠᠯ ᠪᠤᠯᠤᠨ ᠬᠤᠪᠢᠰᠬᠠᠯᠳᠤ ᠵᠢᠭᠤᠯᠴᠢᠯᠡᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠪᠦᠯᠬᠦᠮᠳᠡᠯ ᠢᠶᠠᠷ ᠬᠥᠭᠵᠢᠯᠲᠡ ᠶᠢ ᠠᠬᠢᠭᠤᠯᠬᠤ᠂ ᠬᠥᠭᠵᠢᠯᠲᠡ ᠪᠠᠷ ᠪᠦᠯᠬᠦᠮᠳᠡᠯ ᠢ ᠠᠬᠢᠭᠤᠯᠬᠤ ᠰᠤᠳᠤᠯᠤᠨ ᠰᠤᠷᠤᠯᠴᠠᠬᠤ ᠵᠠᠮ ᠱᠤᠭᠤᠮ ᠢ ᠨᠡᠭᠡᠭᠡᠵᠦ᠂ ︽ᠬᠠᠮᠳᠤ ᠪᠠᠷ ᠴᠡᠴᠡᠭᠯᠡᠨ ᠬᠥᠭᠵᠢᠵᠤ᠂ ᠪᠦᠯᠬᠦᠮᠳᠡᠨ ᠨᠢᠭᠲᠠᠷᠠᠵᠤ ᠬᠢᠯᠢ ᠬᠢᠵᠠᠭᠠᠷ ᠢ ᠪᠠᠬᠢᠵᠢᠭᠦᠯᠬᠦ︾ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠦᠷᠦᠯ ᠲᠡᠮᠳᠡᠭ ᠢ ᠡᠭᠦᠳᠬᠦ ᠪᠠᠷ ᠴᠢᠷᠮᠠᠶᠢᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠦᠷᠪᠡᠨ ᠬᠠᠮᠲᠤ ᠪᠠᠷ︾᠂ ︽ᠲᠠᠪᠤ ᠶᠢ ᠮᠡᠳᠡᠷᠡᠬᠦ︾  ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠠᠢ᠃     ᠪᠠᠲᠤᠬᠠᠭᠠᠯᠭ᠎ᠠ ᠪᠠᠯᠭᠠᠰᠤ ᠶᠠᠫᠤᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠶᠢᠨ ᠳᠤᠷᠠᠰᠬᠠᠯ ᠤᠨ ᠬᠥᠰᠢᠶ᠎ᠡ᠂ ᠪᠠᠲᠤᠬᠠᠭᠠᠯᠭ᠎ᠠ ᠶᠢᠨ ᠶᠠᠫᠤᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠶᠢᠨ ᠳᠤᠷᠠᠰᠬᠠᠯ ᠤᠨ ᠲᠢᠩᠬᠢᠮ ᠳᠤ ᠲᠦᠰᠢᠭᠯᠡᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠢ ᠪᠠᠶᠢᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠤᠷᠠᠰᠬᠠᠯ ᠤᠨ ᠣᠷᠳᠣᠨ ᠳᠤ ᠪᠤᠭᠤᠲᠤ ᠬᠤᠲᠠ ᠶᠢᠨ ᠳᠤᠮᠳᠠᠳᠤ  ᠶᠢᠨ ᠦᠨᠳᠦᠰᠦᠲᠡᠨ ᠤ ᠬᠠᠮᠲᠤ  ᠶᠢᠨ ᠴᠣᠭᠴᠠ  ᠶᠢᠨ ᠤᠬᠠᠮᠰᠠᠷ  ᠢ  ᠪᠠᠶᠠᠴᠢᠯᠡᠨ ᠣᠶᠢᠯᠠᠭᠠᠬᠤ ᠣᠷᠳᠣᠨ ᠪᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠰᠠᠭᠤᠷᠢᠨ ᠢ ᠪᠠᠶᠢᠭᠤᠯᠵᠤ᠂ ᠦᠰᠦᠭ ᠪᠢᠴᠢᠭ᠂ ᠭᠡᠷᠡᠯ ᠵᠢᠷᠤᠭ᠂ ᠸᠢᠳᠢᠤ᠋ ᠪᠢᠴᠢᠯᠭᠡ  ᠶᠢᠨ ᠮᠠᠲ᠋ᠧᠷᠢᠶᠠᠯ᠂ ᠪᠣᠳᠠᠲᠤ ᠪᠣᠳᠠᠰ ᠵᠡᠷᠭᠡ ᠬᠡᠯᠪᠡᠷᠢ ᠪᠠᠷ ᠪᠦᠬᠦ ᠤᠯᠤᠰ᠂ ᠪᠦᠬᠦ ᠣᠷᠣᠨ᠂ ᠪᠦᠬᠦ ᠬᠤᠲᠠ ᠵᠢᠴᠢ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠭᠰᠠᠨ ᠠᠮᠢᠳᠤᠯᠢᠭ ᠪᠣᠳᠠᠲᠤ ᠵᠢᠱᠢᠶ᠎ᠡ ᠶᠢ ᠳᠡᠯᠭᠡᠨ ᠦᠵᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ  ᠶᠠᠷᠢᠪᠠ᠃      ᠥᠪᠡᠷᠲᠡᠭᠡᠨ ᠵᠠᠰᠠᠬᠤ ᠣᠷᠣᠨ ᠤ ᠳᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠤᠮᠤ — ᠪᠠᠶ᠋ᠬᠠᠤᠪᠤᠭ᠎ᠠ ᠰᠤᠮᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠪᠠᠶᠢᠭᠤᠯᠤᠨ ᠪᠠᠬᠢᠵᠢᠭᠦᠯᠵᠦ᠂ ᠵᠢᠮᠢᠰᠳᠠᠢ ᠦᠵᠡᠮᠵᠢ ᠶᠢᠨ ᠣᠷᠣᠨ ᠢ ᠪᠦᠬᠦ ᠲᠠᠯ᠎ᠠ ᠪᠠᠷ  ᠠᠰᠢᠭᠯᠠᠯᠳᠠ ᠳᠤ ᠤᠷᠤᠭᠤᠯᠵᠤ᠂ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠢ ᠪᠠᠶᠢᠭᠤᠯᠤᠭᠰᠠᠨ︾᠂ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠢᠷᠡᠭᠰᠡᠨ︾᠂ ︽ᠶᠡᠷᠦᠩᠬᠡᠢ ᠱᠦᠵᠢ ᠶᠢᠨ ᠶᠠᠷᠢᠵᠤ ᠥᠩᠭᠡᠷᠡᠭᠰᠡᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ︾ ᠭᠡᠬᠦ ᠦᠵᠡᠭᠦᠯᠦᠯᠭᠡ ᠶᠢᠨ ᠣᠷᠳᠣᠨ ᠢ ᠥᠭᠡᠷᠡᠴᠢᠯᠡᠨ ᠪᠠᠶᠢᠭᠤᠯᠵᠤ᠂ 56 ᠦᠨᠳᠦᠰᠦᠲᠡᠨ ᠤ ᠰᠡᠳᠬᠢᠯ ᠢᠶᠠᠨ ᠨᠢᠭᠡᠳᠬᠡᠬᠦ ᠦᠵᠡᠭᠦᠯᠦᠯᠭᠡ ᠶᠢᠨ ᠬᠤᠩᠬᠢᠯ᠂ ᠦᠨᠳᠦᠰᠦᠲᠡᠨ ᠤ ᠪᠦᠯᠬᠦᠮᠳᠡᠯ ᠤᠨ ᠠᠭᠤᠳᠠᠮ ᠲᠠᠯᠠᠪᠠᠢ᠂ ᠪᠦᠯᠬᠦᠮᠳᠡᠯ ᠨᠠᠭᠤᠷ ᠵᠡᠷᠭᠡ ᠶᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠦᠵᠡᠮᠵᠢ ᠶᠢᠨ ᠣᠷᠣᠨ ᠳᠤ ᠤᠷᠤᠭᠤᠯᠬᠤ ᠶᠢ ᠭᠦᠨᠵᠡᠭᠡᠢ ᠠᠬᠢᠭᠤᠯᠵᠠᠢ᠃ ᠡᠭᠦᠨ ᠤ ᠬᠠᠮᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠢ ᠲᠣᠭᠯᠠᠯᠲᠠ ᠭᠠᠷᠭᠠᠵᠤ᠂ ᠪᠤᠭᠤᠲᠤ ᠳᠤ ᠠᠮᠢᠳᠤᠷᠠᠵᠤ ᠪᠠᠶᠢᠭ᠎ᠠ ︽ᠤᠯᠤᠰ ᠤᠨ ᠬᠡᠦᠬᠡᠳ︾  ᠢᠶᠠᠷ ︽ᠮᠢᠨᠤ ᠦᠯᠢᠭᠡᠷ︾ ᠢ ᠶᠠᠷᠢᠭᠤᠯᠬᠤ ᠵᠡᠷᠭᠡ ᠤᠯᠠᠨ ᠬᠡᠯᠪᠡᠷᠢ ᠶᠢᠨ ᠬᠢᠴᠢᠶᠡᠯ ᠶᠠᠪᠤᠭᠳᠠᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠰᠠᠶᠢᠲᠤᠷ ᠶᠠᠷᠢᠪᠠ᠃     ᠬᠢᠯᠢ ᠬᠢᠵᠠᠭᠠᠷ ᠤᠨ ᠪᠣᠭᠤᠮᠲᠠ ᠶᠢᠨ ᠣᠷᠣᠨ — ᠮᠠᠨᠳᠤᠯ ᠪᠠᠯᠭᠠᠰᠤ ᠣᠷᠣᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠮᠠᠨᠳᠤᠯ ᠪᠣᠭᠤᠮᠲᠠ ᠶᠢᠨ ᠬᠥᠭᠵᠢᠯᠲᠡ ᠪᠣᠯᠣᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠥᠨ ᠠᠳᠢᠶ᠎ᠠ ᠶᠢᠨ ᠲᠡᠷᠢᠭᠦᠨ ᠤ ᠦᠢᠯᠡ ᠠᠵᠢᠯᠯᠠᠭ᠎ᠠ ᠳᠤ ᠲᠦᠰᠢᠭᠯᠡᠨ᠂ ᠬᠤᠪᠢᠰᠬᠠᠯ ᠤᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ᠂ ᠠᠷᠠᠳ ᠤᠨ ᠵᠠᠩ ᠦᠢᠯᠡ ᠶᠢ ᠣᠶᠢᠯᠠᠭᠠᠬᠤ ᠲᠥᠪ᠂ ᠤᠮᠠᠷᠠᠲᠤ ᠬᠢᠯᠢ ᠶᠢᠨ ᠡᠷᠦᠬᠡ ᠶᠢᠨ ᠴᠡᠷᠢᠭ ᠤᠨ ᠭᠡᠷ ᠢ ᠪᠠᠶᠢᠭᠤᠯᠵᠤ᠂ ᠬᠢᠯᠢ ᠶᠢᠨ ᠪᠣᠭᠤᠮᠲᠠ᠂ ᠤᠯᠤᠰ ᠤᠨ ᠡᠭᠦᠳᠡ᠂ ᠬᠢᠯᠢ ᠶᠢᠨ ᠬᠥᠰᠢᠶ᠎ᠡ ᠪᠤᠯᠤᠨ ᠰᠢᠨ᠎ᠡ ᠴᠠᠭ ᠦᠶ᠎ᠡ ᠶᠢᠨ ᠦᠨᠡᠨᠴᠢ ᠢᠲᠡᠭᠡᠮᠵᠢᠲᠡᠢ ᠪᠣᠯᠪᠠᠰᠤᠨ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠢ ᠠᠰᠢᠭᠯᠠᠨ ᠢᠯᠡ ᠲᠣᠳᠣ ᠣᠨᠴᠠᠯᠢᠭ ᠲᠠᠢ ᠨᠠᠮᠴᠢ ᠴᠢᠨᠠᠷ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠴᠡᠭ ᠢ ᠪᠦᠷᠢᠯᠳᠦᠭᠦᠯᠵᠦ᠂ ᠲᠥᠪᠯᠡᠷᠡᠭᠦᠯᠦᠨ ᠰᠤᠷᠤᠯᠴᠠᠬᠤ᠂  ᠬᠡᠭᠡᠷ᠎ᠡ ᠭᠠᠳᠠᠨ᠎ᠠ ᠥᠷᠭᠡᠳᠬᠡᠨ ᠪᠣᠯᠪᠠᠰᠤᠷᠠᠭᠤᠯᠬᠤ᠂ ᠬᠢᠯᠢ ᠬᠢᠵᠠᠭᠠᠷ ᠣᠷᠣᠨ ᠢᠶᠠᠷ ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ᠂ ᠮᠠᠯᠴᠢᠳ ᠲᠠᠢ ᠬᠠᠮᠲᠤ ᠢᠳᠡᠵᠦ ᠬᠠᠮᠲᠤ ᠬᠤᠨᠣᠵᠤ ᠬᠠᠮᠲᠤ ᠬᠥᠳᠡᠯᠮᠦᠷᠢᠯᠡᠬᠦ ︽ᠭᠤᠷᠪᠠ ᠶᠢ ᠬᠠᠮᠲᠤᠳᠬᠠᠬᠤ︾ ᠬᠥᠮᠦᠵᠢᠯ ᠵᠡᠷᠭᠡ ᠠᠭᠤᠯᠭ᠎ᠠ ᠪᠠᠷ ᠪᠠᠶᠠᠯᠢᠭ᠂ ᠬᠡᠯᠪᠡᠷᠢ ᠪᠠᠷ ᠰᠢᠨ᠎ᠡ ᠰᠣᠷᠭᠤᠭ ᠵᠢᠭᠠᠨ ᠰᠤᠷᠭᠠᠯᠲᠠ ᠶᠢᠨ ᠬᠢᠴᠢᠶᠡᠯ ᠢ ᠲᠣᠬᠢᠷᠠᠭᠤᠯᠵᠤ᠂ ᠤᠮᠠᠷᠠᠲᠤ ᠬᠢᠯᠢ ᠶᠢᠨ ᠬᠤᠪᠢᠰᠬᠠᠯ ᠤᠨ ᠬᠥᠮᠦᠵᠢᠯ ᠤᠨ ᠰᠠᠭᠤᠷᠢᠨ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢ ᠪᠠᠬᠢᠵᠢᠭᠦᠯᠵᠦ ᠬᠢᠯᠢ ᠬᠢᠵᠠᠭᠠᠷ ᠢ ᠮᠠᠨᠳᠤᠭᠤᠯᠬᠤ ᠰᠢᠨ᠎ᠡ ᠴᠠᠭ ᠦᠶ᠎ᠡ ᠶᠢᠨ ᠴᠢᠷᠮᠠᠶᠢᠨ ᠲᠡᠮᠡᠴᠡᠭᠰᠡᠨ ᠦᠯᠢᠭᠡᠷ ᠢ ᠰᠠᠶᠢᠲᠤᠷ ᠶᠠᠷᠢᠵᠠᠢ᠃     ᠵᠤᠭᠠᠴᠠᠯ ᠤᠨ ᠣᠨᠴᠠᠯᠢᠭᠲᠤ ᠪᠠᠯᠭᠠᠰᠤ — ᠰᠢᠷᠠᠮᠦ᠋ᠷᠡᠨ ᠪᠠᠯᠭᠠᠰᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠬᠠᠤᠯᠢ ᠴᠠᠭᠠᠵᠠ ᠵᠡᠷᠭᠡ ᠪᠠᠶᠢᠭᠤᠯᠭ᠎ᠠ ᠶᠢᠨ ᠨᠢᠭᠡᠳᠦᠭᠡᠷ ᠹᠷᠣᠨᠲ ᠤᠨ ᠺᠠᠳ᠋ᠷ ᠴᠠᠭᠳᠠᠭ᠎ᠠ ᠪᠣᠯᠣᠨ ᠨᠠᠮ ᠤᠨ ᠰᠤᠷᠭᠠᠭᠤᠯᠢ ᠶᠢᠨ ᠪᠠᠭᠰᠢ ᠶᠢᠨ ᠬᠦᠴᠦᠨ ᠢ ᠨᠡᠶᠢᠯᠡᠭᠦᠯᠵᠦ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠬᠤ ᠪᠠ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠪᠠᠷ ᠵᠢᠭᠠᠨ ᠰᠤᠷᠭᠠᠯᠲᠠ ᠶᠢᠨ ᠬᠥᠲᠥᠯᠪᠦᠷᠢ ᠪᠣᠯᠭᠠᠵᠤ᠂ ︽ᠫᠠᠨ ᡁᠢ ᠷᠦᠩ︾ ᠤᠨ ᠠᠵᠢᠯᠯᠠᠬᠤ ᠦᠷᠦᠭᠡ ᠶᠢ ᠠᠰᠢᠭᠯᠠᠵᠤ ᠦᠵᠡᠭᠳᠡᠯᠲᠦ ᠵᠦᠴᠦᠭᠡ᠂ ᠬᠠᠤᠯᠢᠵᠢᠯ ᠤᠨ ᠤᠬᠠᠭᠤᠯᠤᠨ ᠲᠠᠶᠢᠯᠪᠤᠷᠢᠯᠠᠬᠤ᠂ ᠰᠤᠷᠢᠯᠳᠠ ᠶᠢᠨ ᠰᠢᠭᠦᠬᠦ ᠲᠢᠩᠬᠢᠮ ᠵᠡᠷᠭᠡ ᠬᠡᠯᠪᠡᠷᠢ ᠪᠠᠷ ᠪᠦᠬᠦ ᠤᠯᠤᠰ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ ᠫᠠᠨ ᡁᠢ ᠷᠦᠩ ᠲᠠᠢ ᠨᠢᠭᠤᠷᠳᠠᠨ ᠶᠠᠷᠢᠯᠴᠠᠵᠤ᠂ ᠨᠠᠮ ᠤᠨ ᠭᠡᠰᠢᠭᠦᠨ ᠺᠠᠳ᠋ᠷᠴᠤᠳ ᠲᠤ ᠠᠳᠠᠯᠢ ᠪᠤᠰᠤ ᠣᠶᠢᠯᠠᠭᠠᠯᠲᠠ ᠲᠠᠢ ᠬᠠᠤᠯᠢᠵᠢᠯ ᠤᠨ ᠬᠢᠴᠢᠶᠡᠯ ᠢ ᠤᠶᠢᠯᠠᠭᠠᠭᠤᠯᠵᠤ᠂ ᠬᠠᠤᠯᠢᠵᠢᠯ ᠤᠨ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠳᠠᠬᠢ ᠵᠢᠷᠤᠮᠵᠢᠭᠤᠯᠬᠤ᠂ ᠬᠥᠲᠥᠯᠥᠨ ᠳᠠᠭᠠᠭᠤᠯᠬᠤ᠂ ᠠᠬᠢᠭᠤᠯᠬᠤ ᠪᠠ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠬᠠᠤᠯᠢᠵᠢᠯ ᠤᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠪᠠ᠃       ᠬᠤᠪᠢᠰᠬᠠᠯ ᠤᠨ ᠲᠠᠯ᠎ᠠ ᠨᠤᠲᠤᠭ ︱ ᠮᠢᠩᠭᠠᠨ ᠪᠠᠯᠭᠠᠰᠤ ᠯᠦᠩ ᠮᠧᠢ ᠢᠦᠢ ᠷᠦᠩ ᠤᠨ ᠬᠠᠭᠤᠴᠢᠨ ᠰᠠᠭᠤᠴᠠ ᠵᠡᠷᠭᠡ ᠡᠬᠢ ᠪᠠᠶᠠᠯᠢᠭ ᠲᠠᠭᠠᠨ ᠲᠦᠰᠢᠭᠯᠡᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠢ ᠪᠠᠶᠢᠭᠤᠯᠵᠤ᠂ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠦᠬᠢᠨ ᠳᠡᠭᠦᠦ︾ ᠶᠢᠨ ᠪᠠᠭᠠᠲᠤᠷᠯᠢᠭ ᠦᠢᠯᠡ ᠠᠵᠢᠯᠯᠠᠭ᠎ᠠ ᠶᠢ ᠪᠦᠬᠦ ᠲᠠᠯ᠎ᠠ ᠪᠠᠷ ᠲᠠᠨᠢᠯᠴᠠᠭᠤᠯᠤᠨ ᠳᠡᠯᠭᠡᠨ ᠦᠵᠡᠭᠦᠯᠵᠦ᠂ ᠬᠠᠮᠲᠤᠴᠢ ᠦᠵᠡᠯ ᠤᠨ ᠵᠣᠷᠢᠭ ᠰᠠᠨᠠᠭᠠᠨ ᠤ ᠦᠯᠢᠭᠡᠷ ᠢ ᠰᠠᠶᠢᠲᠤᠷ ᠶᠠᠷᠢᠵᠤ᠂ ᠰᠢᠨ᠎ᠡ ᠴᠠᠭ ᠦᠶ᠎ᠡ ᠳᠤ ᠬᠠᠮᠲᠤᠴᠢ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠪᠠ᠃     ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ︽ᠵᠤᠭᠠᠴᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ︾ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ︽ᠡᠭᠦᠳᠬᠦ︾ ᠪᠠ ︽ᠪᠠᠶᠢᠭᠤᠯᠬᠤ︾ ᠳᠡᠭᠡᠷ᠎ᠡ ᠬᠦᠴᠦ ᠲᠠᠯᠪᠢᠵᠤ᠂ ᠲᠤᠬᠠᠢ ᠶᠢᠨ ᠭᠠᠵᠠᠷ ᠤᠨ ᠬᠤᠪᠢᠰᠬᠠᠯ ᠤᠨ ᠡᠬᠢ ᠪᠠᠶᠠᠯᠢᠭ ᠢ ᠬᠥᠭᠵᠢᠭᠡᠵᠦ᠂ ᠬᠢᠯᠢ ᠬᠢᠵᠠᠭᠠᠷ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠶᠢᠨ ᠬᠤᠩᠭᠢᠯ ᠢ ᠢᠳᠡᠪᠬᠢᠲᠡᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠳᠤ ᠰᠢᠨ᠎ᠡ ᠠᠭᠤᠯᠤᠭᠳᠠᠬᠤᠨ ᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠨᠡᠩ ᠪᠤᠳᠠᠳᠠᠢ ᠦᠷ᠎ᠡ ᠠᠰᠢᠭᠳᠠᠢ ᠪᠠᠳᠤᠳᠬᠠᠪᠠ᠃ ᠡᠨᠡ ᠵᠢᠯ ᠠᠴᠠ ᠨᠠᠭᠠᠰᠢ᠂ ︽ᠰᠣᠨᠣᠰᠬᠤ᠂ ᠦᠵᠡᠬᠦ᠂ ᠰᠤᠷᠤᠯᠴᠠᠬᠤ︾ ᠶᠢ ᠤᠶᠠᠯᠳᠤᠭᠤᠯᠤᠭᠰᠠᠨ ᠪᠤᠭᠤᠲᠤ ᠬᠤᠳᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠣᠶᠢᠯᠠᠭᠠᠬᠤ ᠣᠷᠳᠣᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠰᠠᠭᠤᠷᠢᠨ᠂ ᠪᠠᠶ᠋ᠬᠠᠤᠪᠤᠭ᠎ᠠ ᠰᠤᠮᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠵᠡᠷᠭᠡ ᠨᠢ ᠰᠤᠷᠤᠯᠴᠠᠯᠭ᠎ᠠ ᠬᠥᠮᠦᠵᠢᠯ ᠪᠣᠯᠪᠠᠰᠤᠷᠠᠯ ᠤᠨ ᠬᠠᠯᠠᠮᠰᠢᠯ ᠭᠠᠵᠠᠷ ᠪᠣᠯᠤᠭᠰᠠᠨ ᠪᠠᠶᠢᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠤᠷᠤᠰᠬᠠᠯ ᠪᠣᠯᠭᠠᠭᠰᠠᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠡᠯ᠂ ᠰᠤᠳᠤᠯᠤᠨ ᠰᠤᠷᠤᠯᠴᠠᠬᠤ ᠵᠢᠭᠤᠯᠴᠢᠯᠡᠯ ᠤᠨ ︽ᠬᠠᠯᠠᠭᠤᠨ ᠥᠷᠨᠢᠯᠲᠡ︾ ᠶᠢ ᠪᠤᠢ ᠪᠣᠯᠭᠠᠵᠤ᠂ ᠡᠯ᠎ᠡ ᠲᠦᠷᠦᠯ ᠤᠨ ᠪᠣᠯᠪᠠᠰᠤᠷᠠᠯ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠨᠡᠶᠢᠳᠡ 780 ᠡᠭᠡᠯᠵᠢ ᠥᠷᠨᠢᠭᠦᠯᠵᠦ᠂ 3.2 ᠲᠦᠮᠡ ᠭᠠᠷᠤᠢ ᠬᠥᠮᠥᠨ ᠤᠳᠠᠭ᠎ᠠ ᠤᠷᠤᠯᠴᠠᠵᠤ᠂ ᠠᠵᠤ ᠠᠬᠤᠢ ᠶᠢᠨ ᠦᠷ᠎ᠡ ᠠᠰᠢᠭ 73 ᠲᠦᠮᠡᠨ ᠲᠥᠭᠦᠷᠢᠭ ᠲᠤ ᠬᠦᠷᠴᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠪᠦᠲᠦᠮᠵᠢᠲᠡᠢ ᠠᠬᠢᠭᠤᠯᠪᠠ᠃ 
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠨᠢᠭᠡᠳᠤᠮᠡᠯ ᠹᠷᠦᠨᠲ ᠤᠨ ᠬᠠᠷᠢᠯᠴᠠᠭ᠎ᠠ ᠦᠢᠯᠡᠴᠢᠯᠡᠭᠡᠨ ᠤ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号