︽ᠨᠦᠬᠦᠷᠯᠡᠯ ᠤᠨ ᠬᠠᠳᠠᠭ︾ ᠠᠩᠬᠠᠳᠤᠭᠠᠷ ᠣᠳᠠᠭᠠᠨ ᠤ ᠪᠠᠭᠠᠴᠣᠳ ᠬᠡᠯᠬᠡᠳ ᠤᠨ ᠤᠷ᠎ᠠ ᠠᠪᠢᠶᠠᠰ ︵ᠣᠷᠠᠨ ᠲᠤᠳᠤ ᠤᠩᠰᠢᠯᠭ᠎ᠠ︶ ᠤᠨ ᠤᠷᠤᠯᠳᠤᠭᠠᠨ ᠨᠢᠵᠢᠭᠢᠷ ᠰᠠᠶᠢᠬᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2024/5/26
      ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠵᠦ᠂ ᠦᠨᠳᠦᠰᠦᠳᠡᠨ  ᠤ ᠪᠦᠯᠬᠦᠮᠳᠡᠯ ᠢ ᠴᠢᠩᠭᠠᠳᠬᠠᠨ᠂ ᠦᠨᠳᠦᠰᠦᠳᠡᠨ ᠤ ᠰᠤᠶᠤᠯ ᠤᠨ ᠦᠨᠳᠦᠷᠯᠢᠭ ᠢ ᠪᠦᠳᠦᠭᠡᠨ ᠪᠠᠶᠢᠭᠤᠯᠬᠤ ᠳᠤ ᠨᠡᠮᠡᠷᠢ ᠬᠠᠨᠳᠢᠪ ᠦᠵᠡᠭᠦᠯᠬᠦ ᠵᠤᠷᠢᠯᠭ᠎ᠠ ᠪᠠᠷ ᠲᠡᠯᠡᠬᠡᠢ ᠶᠢᠨ ᠪᠠᠭᠠᠴᠤᠳ ᠬᠡᠥᠬᠡᠳ ᠤᠨ ᠪᠠᠶᠠᠷ ᠤᠨ ᠡᠳᠦᠷ ᠢ ᠤᠭᠳᠤᠵᠦ ︽ᠨᠦᠬᠦᠷᠯᠡᠯ ᠤᠨ ᠬᠠᠳᠠᠭ︾ ᠠᠩᠬᠠᠳᠤᠭᠠᠷ ᠤᠳᠠᠭᠠᠨ ᠤ ᠪᠠᠭᠠᠴᠣᠳ ᠬᠡᠯᠬᠡᠳ ᠤᠨ ᠤᠷ᠎ᠠ ᠠᠪᠢᠶᠠᠰ ︵ᠤᠷᠠᠨ ᠲᠤᠳᠤ ᠤᠩᠰᠢᠯᠭ᠎ᠠ︶ ᠤᠨ ᠤᠷᠤᠯᠳᠤᠭᠠᠨ5 ᠰᠠᠷ᠎ᠠ ᠶᠢᠨ26 ᠤ ᠡᠳᠦᠷ ︽ᠡᠬᠡᠰᠢᠭ︾ ᠤᠷᠠᠯᠢᠭ ᠤᠨ ᠰᠤᠷᠭᠠᠭᠤᠯᠢ ᠳᠤ ᠨᠢᠵᠢᠬᠢᠷ ᠰᠠᠶᠢᠬᠠᠨ ᠶᠠᠪᠤᠭᠳᠠᠭᠰᠠᠨ ᠪᠠᠶᠢᠨ᠎ᠠ᠃ ᠲᠤᠰ ᠤᠳᠠᠭᠠᠨ ᠤ ᠤᠷᠤᠯᠳᠤᠭᠠᠨ ᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ︽ᠨᠦᠬᠦᠷᠯᠡᠯ ᠤᠨ ᠬᠠᠳᠠᠭ︾ ᠬᠤᠷᠢᠮ ᠨᠠᠶᠢᠷ ᠤᠨ ᠦᠢᠯᠡᠴᠢᠯᠡᠭᠡᠨ ᠤ ᠬᠤᠯᠪᠤᠭ᠎ᠠ ᠠᠴᠠ ᠢᠪᠡᠭᠡᠨ ᠲᠡᠳᠭᠦᠵᠦ ︽ᠡᠬᠡᠰᠢᠭ︾ ᠤᠷᠠᠯᠢᠭ ᠤᠨ ᠰᠤᠷᠭᠠᠭᠤᠯᠢ ᠠᠴᠠ ᠡᠷᠬᠢᠯᠡᠨ ᠶᠠᠪᠤᠭᠳᠠᠭᠤᠯᠤᠭᠰᠠᠨ ᠪᠠᠶᠢᠨ᠎ᠠ᠃
微信图片_20240530154504.jpg
微信图片_20240530154507.jpg     
      ᠲᠤᠰ ᠣᠳᠠᠭᠠᠨ ᠤ ᠤᠷᠠᠨ ᠲᠤᠳᠤ ᠤᠩᠰᠢᠯᠭ᠎ᠠ ᠶᠢᠨ ᠤᠷᠤᠯᠳᠤᠭᠠᠨ ᠨᠢ ᠪᠦᠬᠦ ᠬᠤᠰᠢᠭᠤᠨ ᠤ ᠴᠡᠴᠡᠷᠯᠢᠭ᠂ ᠪᠠᠭ᠎ᠠ ᠰᠤᠷᠭᠠᠭᠤᠯᠢ᠂ ᠲᠤᠮᠳᠠᠳᠦ ᠰᠤᠷᠭᠠᠭᠤᠯᠢ ᠶᠢ ᠬᠠᠮᠤᠷᠴᠦ᠂ ᠪᠠᠭ᠎ᠠ᠂ ᠲᠤᠮᠳᠠ᠂ ᠶᠡᠭᠡ ᠭᠤᠷᠪᠠᠨ ᠲᠤᠭᠤᠶᠢᠯᠠᠩ ᠬᠤᠪᠢᠶᠠᠨ᠂ ᠲᠤᠭᠤᠶᠢᠯᠠᠩ ᠪᠦᠷᠢ ᠬᠤᠴᠢ ᠭᠠᠷᠤᠢ ᠬᠡᠥᠬᠡᠳ ᠪᠠᠭᠠᠴᠣᠳ ᠢ ᠤᠷᠤᠯᠴᠠᠭᠤᠯᠵᠦ᠂ ᠵᠠᠭᠤᠭᠠᠳ ᠬᠦᠮᠦᠰ  ᠤᠨ ᠤᠷᠤᠯᠴᠠᠯᠭ᠎ᠠ ᠲᠠᠢ ᠲᠤᠮᠤᠬᠠᠨ ᠬᠡᠯᠪᠡᠷᠢ ᠶᠢᠨ ᠤᠷᠤᠯᠳᠤᠭᠠᠨ ᠪᠤᠯᠤᠭᠰᠠᠨ ᠪᠠᠶᠢᠨ᠎ᠠ᠃      ︽ᠨᠦᠬᠦᠷᠯᠡᠯ ᠤᠨ ᠬᠠᠳᠠᠭ︾ ᠬᠤᠯᠪᠤᠭᠠᠨ ᠤ ᠪᠦᠬᠦ ᠬᠡᠰᠢᠭᠦᠳ᠂ ︽ᠡᠬᠡᠰᠢᠭ︾ ᠤᠷᠠᠯᠢᠭ ᠤᠨ ᠰᠤᠷᠭᠠᠭᠤᠯᠢ ᠶᠢᠨ ᠪᠠᠭᠰᠢ ᠨᠠᠷ᠂ ᠪᠤᠰᠤᠳ ᠬᠠᠪᠰᠤᠷᠤᠯᠴᠠᠭ᠎ᠠ ᠪᠤᠯᠤᠭᠰᠠᠨ ᠬᠦᠮᠦᠰ ᠵᠢᠴᠢ᠂ ᠮᠠᠰᠢ ᠤᠯᠠᠨ ᠭᠡᠷ ᠤᠨ ᠠᠬᠠᠮᠠᠳ ᠪᠠ ᠬᠡᠥᠬᠡᠳ ᠪᠠᠭᠠᠴᠤᠳ ᠰᠤᠷᠤᠭᠴᠢᠳ ᠨᠠᠷ ᠤᠨ ᠰᠢᠷᠭᠠᠭᠤ ᠬᠦᠳᠡᠯᠮᠦᠷᠢ᠂ ᠲᠤᠳᠤᠨᠤ ᠶᠢᠨ ᠲᠡᠮᠵᠢᠯᠭᠡ᠂ ᠢᠳᠡᠪᠬᠢᠳᠡᠢ ᠤᠷᠤᠯᠴᠠᠯᠭ᠎ᠠ ᠪᠠᠷ ᠤᠷᠠᠨ ᠤᠩᠰᠢᠯᠭ᠎ᠠ ᠶᠢᠨ ᠤᠷᠤᠯᠳᠤᠭᠠᠨ ᠨᠢ ᠢᠯᠭᠤᠮ ᠰᠠᠶᠢᠬᠠᠨ ᠶᠠᠪᠤᠭᠳᠠᠵᠦ᠂ ᠲᠤᠭᠤᠶᠢᠯᠠᠩ ᠪᠦᠷᠢ ᠨᠢᠭᠡᠳᠦᠭᠡᠷ ᠨᠡᠷᠡᠰ ᠨᠢᠭᠡ᠂ ᠬᠤᠶᠠᠳᠤᠭᠠᠷ ᠨᠡᠷᠡᠰ ᠬᠤᠶᠠᠷ᠂ ᠭᠤᠷᠪᠠᠳᠤᠭᠠᠷ ᠨᠡᠷᠡᠰ ᠭᠤᠷᠪᠠ᠂ ᠵᠢᠷᠭᠤᠭᠠᠨ ᠰᠢᠯᠢᠳᠡᠭ ᠨᠡᠷᠡᠰ ᠢ ᠲᠤᠳᠤᠷᠠᠭᠤᠯᠤᠨ᠂ ᠠᠯᠳᠠᠨ ᠮᠦᠩᠭᠦᠨ ᠮᠧᠳᠠᠯ᠂ ᠠᠰᠢᠭ ᠰᠢᠮᠡᠳᠦ ᠨᠤᠮ ᠢᠶᠠᠷ ᠬᠡᠥᠬᠡᠳ ᠢᠶᠠᠨ ᠤᠷᠠᠮᠰᠢᠭᠤᠯᠤᠨ ᠱᠠᠩᠨᠠᠵᠦ᠂ ᠤᠷᠤᠯᠴᠠᠭᠰᠠᠨ ᠬᠡᠥᠬᠡᠳ ᠪᠤᠯᠭᠠᠨ ᠳᠤ ︽ᠰᠤᠳᠤᠨ ᠤᠶᠠᠩᠭᠠᠯᠠᠭᠴᠢ︾  ᠶᠢᠨ ᠢᠷᠠᠭᠤ ᠠᠯᠳᠠᠷ ᠤᠯᠭᠤᠨ᠂ ᠠᠪᠢᠶᠠᠰ ᠪᠢᠯᠢᠭ ᠢᠶᠠᠨ ᠰᠤᠷᠢᠭᠰᠠᠨ ᠬᠡᠥᠬᠡᠳ ᠪᠤᠯᠭᠠᠨ ᠤ ᠠᠯᠠᠭ᠎ᠠ ᠶᠢ ᠲᠡᠭᠡᠭᠰᠢ  ᠪᠠᠨ ᠬᠠᠷᠠᠭᠤᠯᠵᠦ᠂ ᠡᠬᠡᠰᠢᠭ ᠢᠷᠠᠭᠤ ᠡᠬᠡ ᠬᠡᠯᠡᠨ ᠤ ᠠᠶᠠᠯᠭᠤ ᠴᠤᠤᠷᠢᠶᠠᠯᠠᠵᠦ᠂ ᠡᠯᠢᠭᠡ ᠨᠢᠬᠡᠳᠡᠢ ᠬᠦᠮᠦᠨ ᠲᠦᠮᠡᠨ  ᠤ ᠰᠡᠳᠬᠢᠯ ᠢ ᠦᠨᠳᠡᠯᠵᠡᠭᠦᠯᠦᠭᠰᠡᠨ ᠰᠠᠶᠢᠬᠠᠨ ᠠᠵᠢᠯᠯᠠᠭ᠎ᠠ ᠪᠤᠯᠵᠦ᠂ ᠲᠦᠭᠦᠷᠡᠩ ᠠᠮᠵᠢᠯᠳᠠ ᠲᠠᠢ ᠲᠡᠭᠦᠰ ᠵᠢᠷᠭᠠᠯᠳᠠᠢ ᠦᠨᠳᠦᠷᠯᠡᠵᠦ ᠪᠢᠯᠡ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号