ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠤᠷᠢᠨ ᠭᠤᠷᠪᠠᠳᠤᠭᠠᠷ ᠬᠤᠭᠤᠴᠠᠭᠠᠨ ᠤ ᠪᠠᠭᠴᠤᠳ ᠬᠡᠥᠬᠡᠳ ᠤᠨ ᠪᠠᠶᠠᠷ ᠤᠨ ᠤᠷᠠᠨ ᠰᠠᠶᠢᠬᠠᠨ ᠤ ᠦᠵᠡᠭᠦᠯᠦᠯᠭᠡ ᠶᠢᠨ ᠲᠤᠭᠯᠠᠯᠳᠠ ᠦᠪᠡᠳᠡᠭᠰᠢ ᠶᠡᠭᠡ ᠪᠠᠷ ᠶᠠᠪᠤᠭᠳᠠᠵᠠᠢ
ᠨᠡᠶᠢᠲᠡᠯᠡᠭᠰᠡᠨ ᠴᠠᠭ᠄
2024/5/29
      ᠲᠡᠯᠡᠬᠡᠢ ᠶᠢᠨ ᠬᠡᠥᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠰᠤᠷᠭᠠᠨ ᠬᠦᠮᠦᠵᠢᠯ ᠤᠨ ᠲᠤᠪᠴᠢᠶ᠎ᠠ᠂ ᠡᠪᠯᠡᠯ ᠤᠨ ᠬᠤᠷᠢᠶ᠎ᠠ ᠬᠠᠮᠳᠤᠷᠠᠨ᠂5 ᠰᠠᠷ᠎ᠠ ᠶᠢᠨ28 ᠤ ᠡᠳᠦᠷ ᠬᠤᠰᠢᠭᠤᠨ ᠤ ᠲᠤᠭᠯᠠᠯᠳᠠ ᠶᠢᠨ ᠲᠦᠪ ᠲᠤ ᠬᠤᠷᠢᠨ ᠭᠤᠷᠪᠠᠳᠤᠭᠠᠷ ᠬᠤᠭᠤᠴᠠᠭᠠᠨ ᠤ ᠪᠠᠭᠠᠴᠤᠳ ᠬᠡᠥᠬᠡᠳ ᠤᠨ ᠤᠷᠠᠯᠢᠭ ᠤᠨ ᠨᠠᠶᠢᠷ᠂ ᠬᠦᠳᠡᠭᠡ ᠲᠤᠰᠬᠤᠨ ᠤ ᠪᠠᠭᠠᠴᠤᠳ ᠤᠨ ᠤᠷᠳᠤᠨ ᠤ ᠦᠵᠡᠭᠦᠯᠦᠯᠭᠡ ᠶᠢᠨ ᠲᠤᠭᠯᠠᠯᠳᠠ ᠵᠢᠴᠢ ᠰᠠᠶᠢᠨ ᠰᠠᠶᠢᠬᠠᠨ ᠵᠠᠩ ᠮᠤᠷᠠᠯ ᠲᠠᠢ ᠪᠠᠭᠠᠴᠣᠳ ᠢ ᠰᠤᠩᠭᠤᠨ ᠬᠦᠬᠢᠬᠦᠯᠬᠦ ᠶᠤᠰᠤᠯᠠᠯ ᠢ ᠡᠷᠬᠢᠯᠡᠪᠡ᠃      ᠲᠤᠬᠠᠢ ᠶᠢᠨ ᠲᠠᠯᠠᠪᠠᠢ ᠳᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠤᠯᠤᠳᠤᠭᠠᠷ ᠬᠤᠭᠤᠴᠠᠭᠠᠨ ᠤ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠣᠳ︾ ᠵᠢᠴᠢ ᠠᠷᠪᠠᠨ ᠭᠤᠷᠪᠠᠳᠤᠭᠠᠷ ᠬᠤᠭᠤᠴᠠᠭᠠᠨ  ᠤ ᠰᠠᠶᠢᠨ ᠰᠠᠶᠢᠬᠠᠨ ᠵᠠᠩ ᠮᠤᠷᠠᠯ ᠲᠠᠢ ᠪᠠᠭᠠᠴᠣᠳ ᠤᠨ ᠲᠦᠯᠦᠭᠡᠯᠡᠭᠴᠢ ᠳᠤ ᠱᠠᠩᠨᠠᠯ ᠤᠯᠭᠤᠵᠦ ᠵᠤᠷᠢᠭᠵᠢᠭᠤᠯᠪᠠ᠃
微信图片_20240530154335.jpg
       ᠬᠡᠥᠬᠡᠳ ᠤᠳ ᠭᠤᠶᠢᠳᠠ ᠰᠠᠶᠢᠬᠠᠨ ᠲᠤᠭᠯᠠᠯᠳᠠ ᠪᠠᠷ ᠢᠶᠠᠨ ᠨᠠᠮ ᠪᠤᠯᠤᠨ ᠡᠬᠡ ᠤᠯᠤᠰ ᠲᠠᠭᠠᠨ ᠬᠢᠵᠠᠭᠠᠯᠠᠰᠢ ᠦᠭᠡᠢ ᠬᠠᠶᠢᠷᠠᠳᠠᠢ ᠪᠠᠶᠢᠭ᠎ᠠ ᠰᠡᠳᠭᠢᠯᠭᠡ ᠪᠠ ᠢᠷᠡᠭᠡᠳᠦᠢ ᠶᠢᠨ ᠲᠤᠬᠠᠢ ᠰᠠᠶᠢᠨ ᠰᠠᠶᠢᠬᠠᠨ ᠬᠦᠰᠡᠯ ᠡᠷᠡᠮᠡᠯᠵᠡᠯ ᠢᠶᠠᠨ ᠢᠯᠡᠳᠭᠡᠭᠰᠡᠨ ᠪᠠᠶᠢᠨ᠎ᠠ᠃  ︽ᠪᠢᠴᠢᠬᠠᠨ ᠪᠤᠷᠤᠭᠠᠨ ᠤ ᠲᠤᠰᠤᠯ ᠤᠨ ᠠᠶᠠᠯᠠᠭᠰᠠᠨ ᠲᠡᠮᠳᠡᠭᠯᠡᠯ︾ ᠲᠤᠭᠯᠠᠯᠳᠠ ᠪᠠᠷ ᠬᠦᠰᠢᠭᠡ ᠪᠠᠨ ᠰᠡᠬᠦᠵᠦ᠂ ︽ᠨᠠᠮ ᠪᠤᠯ ᠨᠠᠷᠠᠨ ᠭᠡᠷᠡᠯ᠂ ᠪᠢᠳᠡ ᠪᠤᠯ ᠨᠠᠬᠢᠶ᠎ᠠ︾ ︽ᠬᠡᠥᠬᠡᠳ ᠤᠨ ᠰᠡᠳᠬᠢᠯ ᠨᠠᠮ  ᠳᠠᠭᠠᠨ︾ ᠵᠡᠷᠭᠡ ᠲᠤᠭᠯᠠᠯᠳᠠ ᠨᠢ ᠬᠡᠥᠬᠡᠳ ᠤᠳ ᠤᠨ ᠬᠦᠰᠡᠯ ᠡᠷᠡᠮᠡᠯᠵᠡᠯ ᠤᠨ ᠢᠶᠠᠨ ᠲᠦᠯᠦᠭᠡ᠂ ᠬᠤᠪᠢᠰᠬᠠᠯ ᠤᠨ ᠤᠯᠠᠮᠵᠢᠯᠠᠯ ᠨᠢ ᠵᠠᠯᠭᠠᠮᠵᠢᠯᠠᠵᠦ᠂ ᠡᠷᠡᠯᠬᠡᠭ ᠢᠶᠠᠷ ᠤᠷᠤᠭᠰᠢᠯᠠᠬᠤ ᠢᠳᠡᠭᠡᠯ ᠵᠤᠷᠢᠭ ᠢ ᠢᠯᠡᠳᠭᠡᠵᠦ᠂ ︽ᠰᠤᠷᠭᠠᠨ ᠬᠦᠮᠦᠵᠢᠯ ᠤᠨ ᠵᠠᠮ ᠳᠠᠬᠢ ᠬᠦᠰᠡᠯ  ᠮᠦᠷᠦᠭᠡᠳᠦᠯ ᠤᠨ ᠬᠡᠭᠡᠭᠡᠴᠡᠯᠳᠦᠭᠴᠢ︾᠂ ︽ᠲᠤᠮᠳᠠᠳᠦ ᠶᠢᠨ ᠦᠨᠳᠦᠰᠦᠳᠡᠨ ᠨᠢᠭᠡ ᠭᠡᠷ ᠤᠨ ᠬᠦᠮᠦᠰ︾ ᠵᠡᠷᠭᠡ ᠲᠤᠭᠯᠠᠯᠳᠠ ᠨᠢ ᠦᠵᠡᠭᠴᠢᠳ ᠲᠦᠮᠡᠨ ᠳᠤ ᠪᠠᠭᠰᠢ ᠨᠠᠷ ᠤᠨ ᠰᠦᠷ ᠲᠠᠯᠠᠶᠢᠴᠠᠳᠠᠢ ᠬᠠᠮᠳᠣᠷᠠᠯ ᠤᠨ ᠬᠦᠴᠦᠨ ᠢ ᠬᠠᠷᠠᠭᠤᠯᠤᠭᠰᠠᠨ ᠪᠠᠶᠢᠨ᠎ᠠ᠃ ᠲᠤᠭᠯᠠᠯᠳᠠ ᠨᠢ ᠪᠦᠵᠢᠭ᠂ ᠴᠠᠷᠬᠢᠯ ᠬᠤᠯᠪᠤᠭ᠎ᠠ᠂ ᠤᠷᠠᠨ ᠤᠩᠰᠢᠯᠭ᠎ᠠ᠂ ᠨᠠᠶᠢᠷᠠᠯ ᠲᠠᠭᠤᠤ᠂ ᠱᠤᠭ ᠶᠠᠷᠢᠶ᠎ᠠ᠂ ᠮᠤᠷᠢᠨ ᠬᠤᠭᠤᠷ᠂ ᠲᠠᠶᠢᠰᠠᠨ ᠤ ᠵᠦᠴᠦᠭᠡ ᠤᠯᠠᠨ ᠵᠦᠢᠯ ᠤᠨ ᠤᠷᠠᠯᠢᠭ ᠤᠨ ᠬᠡᠯᠪᠡᠷᠢ ᠶᠢ ᠬᠠᠮᠤᠷᠴᠦ᠂ ᠬᠡᠥᠬᠡᠳ ᠪᠠᠭᠠᠴᠤᠳ ᠤᠨ ᠴᠤᠭ ᠵᠢᠪᠬᠤᠭ᠎ᠠ ᠦᠵᠡᠭᠴᠢᠳ ᠨᠢᠭᠡᠪᠦᠷᠢ ᠶᠢ ᠲᠤᠭᠳᠤᠭᠤᠯᠤᠭᠰᠠᠨ ᠪᠠᠶᠢᠨ᠎ᠠ᠃      ᠲᠤᠭᠯᠠᠯᠳᠠ ᠳᠤ ᠨᠢᠭᠡᠳᠦᠭᠡᠷ ᠲᠡᠰ ᠤᠨ ᠱᠠᠩᠨᠠᠯ ᠤᠨ ᠲᠤᠭᠯᠠᠯᠳᠠ ᠵᠢᠷᠭᠤᠭᠠᠨ ᠨᠡᠷᠡᠰ᠂ ᠬᠤᠶᠠᠳᠤᠭᠠᠷ ᠲᠡᠰ  ᠤᠨ ᠱᠠᠩᠨᠠᠯ ᠤᠨ ᠲᠤᠭᠯᠠᠯᠳᠠ ᠵᠢᠷᠭᠤᠭᠠᠨ ᠨᠡᠷᠡᠰ᠂ ᠭᠤᠷᠪᠠᠳᠤᠭᠠᠷ ᠲᠡᠰ ᠤᠨ ᠱᠠᠩᠨᠠᠯ ᠤᠨ ᠲᠤᠭᠯᠠᠯᠳᠠ ᠨᠠᠢᠮᠠᠨ ᠨᠠᠷᠡᠰ᠂ ᠰᠢᠯᠢᠳᠡᠭ ᠱᠠᠩᠨᠠᠯ ᠤᠨ ᠲᠤᠭᠯᠠᠯᠳᠠ ᠠᠷᠪᠠᠨ ᠲᠤᠯᠤᠭᠠᠨ ᠨᠡᠷᠡᠰ ᠢ ᠰᠢᠯᠭᠠᠷᠠᠭᠤᠯᠤᠭᠰᠠᠨ ᠪᠦᠭᠡᠳ ᠢᠷᠠᠭᠤ ᠠᠯᠳᠠᠷ ᠬᠦᠷᠳᠡᠭᠰᠡᠨ ᠪᠠᠭᠰᠢ ᠪᠤᠯᠤᠨ ᠰᠤᠷᠤᠭᠴᠢᠳ ᠲᠤ ᠦᠨᠡᠮᠡᠯ ᠭᠠᠷᠳᠠᠭᠤᠯᠵᠠᠢ᠃      ᠲᠤᠰ ᠣᠳᠠᠭ᠎ᠠ ᠶᠢᠨ ᠲᠤᠭᠯᠠᠯᠳᠠ ᠨᠢ ᠬᠡᠥᠬᠡᠳ ᠤᠳ ᠲᠤ ᠪᠠᠭ᠎ᠠ ᠨᠠᠰᠤ ᠪᠠᠷ ᠢᠶᠠᠨ ᠪᠠᠭ᠋ᠠᠷᠬᠠᠬᠤ᠂ ᠪᠠᠶᠠᠷ ᠪᠠᠶᠠᠰᠤᠯ ᠢᠶᠠᠨ ᠬᠤᠪᠢᠶᠠᠯᠴᠠᠬᠤ᠂ ᠤᠷ᠎ᠠ ᠴᠢᠳᠠᠪᠤᠷᠢ ᠪᠠᠨ ᠲᠡᠯᠭᠡᠨ ᠦᠵᠡᠭᠦᠯᠬᠦ ᠲᠠᠪᠴᠠᠩ ᠬᠠᠩᠭᠠᠭᠰᠠᠨ ᠪᠦᠭᠡᠳ ᠬᠤᠰᠢᠭᠤᠨ ᠤ ᠰᠢᠯᠢᠳᠡᠭ ᠵᠠᠭᠠᠨ ᠰᠤᠷᠭᠠᠯᠳᠠ ᠶᠢᠨ ᠦᠷ᠎ᠡ ᠪᠦᠳᠦᠭᠡᠯ ᠢ ᠨᠡᠶᠢᠭᠡᠮ ᠨᠡᠶᠢᠳᠡ ᠳᠤ ᠪᠦᠬᠦ ᠲᠠᠯ᠎ᠠ ᠪᠠᠷ ᠲᠡᠯᠭᠡᠨ ᠦᠵᠡᠭᠦᠯᠦᠭᠰᠡᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号