ᠬᠠᠪᠤᠷ ᠤᠨ ᠤᠯᠠᠷᠢᠯ ᠳᠤ ᠡᠷᠳᠡᠨᠢ ᠰᠢᠰᠢ ᠲᠠᠷᠢᠬᠤ ᠳᠦᠷᠪᠡᠨ ᠲᠠᠯ᠎ᠠ ᠶᠢ ᠰᠠᠶᠢᠨ ᠬᠢᠬᠦ ᠶᠣᠰᠣᠲᠠᠢ
ᠨᠡᠶᠢᠲᠡᠯᠡᠭᠰᠡᠨ ᠴᠠᠭ᠄
2024/5/9
      ᠨᠢᠭᠡ ᠳᠤ ᠰᠢᠯᠢᠳᠡᠭ ᠡᠭᠦᠯᠳᠡᠷ ᠢ ᠰᠣᠩᠭᠤᠵᠤ᠂ ᠰᠢᠨᠵᠢᠯᠡᠬᠦ ᠤᠬᠠᠭᠠᠨᠴᠢ ᠪᠠᠷ ᠡᠭᠦᠯᠳᠡᠷ ᠢ ᠪᠠᠶᠢᠷᠢᠯᠠᠭᠤᠯᠬᠤ  ᠬᠡᠷᠡᠭᠲᠡᠢ᠃ ᠪᠠᠶᠢᠭᠠᠯᠢ ᠶᠢᠨ ᠠᠮᠢ ᠠᠬᠤᠶ ᠪᠠ ᠦᠢᠯᠡᠳᠪᠦᠷᠢᠯᠡᠯ ᠤᠨ ᠨᠥᠬᠦᠴᠡᠯ ᠢ ᠦᠨᠳᠦᠰᠦᠯᠡᠨ᠂ ᠵᠦᠶ ᠵᠣᠬᠢᠰᠲᠠᠶ  ᠡᠭᠦᠯᠳᠡᠷ ᠢ ᠵᠣᠬᠢᠴᠠᠭᠤᠯᠤᠨ ᠲᠣᠬᠢᠷᠠᠭᠤᠯᠵᠤ᠂ ᠤᠯᠤᠰ ᠪᠤᠶᠤ ᠮᠤᠵᠢ ᠶᠢᠨ ᠱᠠᠲᠤᠨ ᠤ ᠬᠢᠨᠠᠨ ᠲᠣᠭᠲᠠᠭᠠᠯᠲᠠ ᠪᠠᠷ  ᠳᠡᠮᠵᠢᠨ᠂ ᠲᠤᠬᠠᠶ ᠶᠢᠨ ᠭᠠᠵᠠᠷ ᠤᠨ ᠲᠠᠷᠢᠮᠠᠯ ᠤᠨ ᠢᠯᠡᠷᠡᠯ ᠨᠢ ᠰᠢᠯᠢᠳᠡᠭ ᠰᠠᠶᠢᠨ᠂ ᠪᠣᠯᠪᠠᠰᠤᠷᠠᠬᠤ  ᠬᠤᠭᠤᠴᠠᠭᠠᠨ ᠳᠤ ᠲᠣᠬᠢᠷᠠᠮᠵᠢᠲᠠᠶ᠂ ᠡᠯᠪᠡᠭ ᠬᠤᠷᠢᠶᠠᠯᠲᠠ ᠣᠯᠵᠤ ᠤᠨᠠᠯᠲᠠ ᠶᠢ ᠲᠣᠭᠲᠠᠭᠤᠨ ᠪᠠᠶᠢᠯᠭᠠᠬᠤ  ᠴᠢᠨᠠᠷ ᠢᠶᠠᠷ ᠰᠠᠶᠢᠨ᠂ ᠤᠨᠠᠯᠲᠠ ᠶᠢ ᠨᠡᠮᠡᠭᠳᠡᠭᠦᠯᠬᠦ ᠳᠠᠯᠳᠠ ᠬᠦᠴᠦᠨ ᠢᠶᠠᠷ ᠶᠡᠭᠡ᠂ ᠰᠥᠷᠬᠦ ᠴᠢᠨᠠᠷ ᠢᠶᠠᠷ ᠴᠢᠩᠭ᠎ᠠ᠂  ᠨᠢᠭᠲᠠ ᠡᠰᠢ ᠨᠢᠷᠤᠭᠤᠨ ᠤ ᠳᠠᠭᠠᠭᠠᠴᠠ ᠨᠢ ᠰᠠᠶᠢᠨ᠂ ᠡᠪᠡᠳᠴᠢᠨ ᠬᠤᠷᠣᠬᠠᠶ ᠶᠢ ᠡᠰᠡᠷᠭᠦᠴᠡᠳᠡᠭ᠂ ᠮᠠᠰᠢᠨ ᠢᠶᠠᠷ  ᠠᠵᠢᠯᠯᠠᠬᠤ ᠳᠤ ᠬᠢᠯᠪᠠᠷ ᠰᠢᠯᠢᠳᠡᠭ ᠡᠷᠳᠡᠨᠢ ᠰᠢᠰᠢ ᠶᠢᠨ ᠡᠭᠦᠯᠳᠡᠷ ᠢ ᠰᠤᠩᠭᠤᠬᠤ ᠬᠡᠷᠡᠭᠲᠡᠢ᠃ ᠪᠠᠷᠠᠭᠤᠨ ᠬᠤᠶᠢᠨ᠎ᠡ᠂  ᠪᠠᠷᠠᠭᠤᠨ ᠡᠮᠤᠨ᠎ᠠ ᠬᠡᠰᠡᠭ ᠤᠨ ᠰᠦᠯᠢᠶᠤᠤ ᠪᠦᠷᠬᠦᠪᠴᠢ ᠳᠤ ᠲᠠᠷᠢᠵᠤ ᠪᠤᠶᠢᠵᠢᠭᠤᠯᠬᠤ ᠤᠷᠤᠨ ᠳᠤ ᠶᠡᠷᠦ ᠳᠤ ᠪᠠᠨ  ᠨᠡᠯᠢᠶᠡᠳ ᠵᠠᠳᠠᠭᠠᠢ ᠭᠠᠵᠠᠷ ᠲᠤ ᠦᠷᠡᠵᠢᠯ ᠤᠨ ᠬᠤᠭᠤᠴᠠᠭ᠎ᠠ 10 ᠡᠳᠦᠷ ᠣᠷᠴᠢᠮ ᠤᠨ ᠡᠭᠦᠯᠳᠡᠷ ᠢ ᠲᠠᠷᠢᠳᠠᠭ᠃  ᠦᠷ᠎ᠡ ᠶᠢᠨ ᠤᠭᠤᠲᠠ ᠶᠢ ᠰᠠᠶᠢᠲᠤᠷ ᠬᠢᠵᠦ᠂ ︽ᠴᠠᠭᠠᠨ ᠦᠷ᠎ᠡ︾ ᠲᠠᠷᠢᠬᠤ ᠶᠢ ᠡᠷᠡᠰ ᠬᠤᠷᠢᠭᠯᠠᠵᠤ᠂  ᠨᠥᠬᠦᠴᠡᠯ ᠲᠠᠢ ᠨᠢ ᠡᠭᠡᠭᠡᠵᠦ ᠬᠠᠲᠠᠭᠠᠬᠤ ᠵᠡᠷᠭᠡ ᠦᠷ᠎ᠡ ᠶᠢ ᠰᠢᠢᠳᠪᠦᠷᠢᠯᠡᠬᠦ ᠠᠵᠢᠯ ᠢ ᠤᠷᠢᠳᠴᠢᠯᠠᠨ ᠬᠢᠬᠦ ᠬᠡᠷᠡᠭᠲᠡᠢ᠃       ᠬᠤᠶᠠᠷ ᠲᠤ ᠲᠥᠷᠥᠯ ᠬᠤᠪᠢᠶᠠᠨ ᠭᠠᠵᠠᠷ ᠲᠡᠭᠰᠢᠯᠡᠵᠦ᠂ ᠬᠤᠭᠤᠴᠠᠭ᠎ᠠ ᠶᠣᠰᠣᠭᠠᠷ ᠴᠢᠭᠢᠭ ᠨᠦᠢᠳᠠᠨ ᠢ  ᠦᠵᠡᠵᠦ ᠨᠠᠷᠢᠯᠢᠭ ᠲᠠᠷᠢᠬᠤ ᠬᠡᠷᠡᠭᠲᠡᠢ᠃ ᠤᠮᠠᠷᠠᠲᠤ ᠣᠷᠣᠨ ᠳᠤ ᠬᠠᠪᠤᠷ ᠤᠨ ᠭᠠᠵᠠᠷ ᠲᠡᠭᠰᠢᠯᠡᠬᠦ ᠦᠶᠡᠰ᠂ ᠲᠠᠷᠢᠶᠠᠨ  ᠭᠠᠵᠠᠷ ᠲᠠᠬᠢ ᠡᠰᠢ ᠰᠦᠷᠡᠯ ᠢ ᠭᠠᠵᠠᠷ ᠭᠡᠰᠬᠦ ᠠᠴᠠ ᠡᠮᠦᠨ᠎ᠡ ᠲᠠᠷᠢᠶᠠᠨ ᠭᠠᠵᠠᠷ ᠠᠴᠠ ᠰᠢᠯᠵᠢᠭᠦᠯᠦᠨ  ᠵᠥᠭᠡᠭᠡᠪᠦᠷᠢᠯᠡᠬᠦ ᠶᠢ ᠲᠦᠷᠭᠡᠳᠬᠡᠵᠦ᠂ ᠪᠠᠰᠠ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠠᠭᠠᠯᠪᠤᠷᠢᠯᠠᠬᠤ  ᠥᠬᠡᠶ ᠪᠠᠷ ᠪᠦᠷᠬᠦᠬᠦ᠂ ᠵᠤᠷᠪᠤᠰᠯᠠᠨ ᠬᠠᠭᠠᠯᠪᠤᠷᠢᠯᠠᠨ ᠪᠦᠷᠬᠦᠬᠦ᠂ ᠬᠡᠮᠬᠡᠯᠡᠨ ᠬᠤᠯᠢᠵᠤ ᠲᠠᠷᠢᠶᠠᠨ ᠭᠠᠵᠠᠷ ᠲᠤ  ᠪᠤᠴᠠᠭᠠᠬᠤ ᠵᠡᠷᠭᠡ ᠡᠰᠢ ᠰᠦᠷᠡᠯ ᠢ ᠰᠢᠢᠳᠪᠦᠷᠢᠯᠡᠬᠦ ᠠᠷᠭ᠎ᠠ ᠮᠠᠶ᠋ᠢᠭ ᠢ ᠠᠪᠴᠤ᠂ ᠭᠠᠵᠠᠷ ᠭᠡᠰᠦᠭᠰᠡᠨ ᠤ ᠳᠠᠷᠠᠭ᠎ᠠ ᠴᠠᠭ  ᠲᠤᠬᠠᠶ ᠳᠤᠨᠢ ᠲᠤᠭᠤᠷᠢᠭᠤᠯᠤᠨ ᠬᠠᠭᠠᠯᠪᠤᠷᠢᠯᠠᠵᠤ ᠭᠤᠤᠷᠰᠤ ᠶᠢ ᠨᠢ ᠠᠷᠢᠯᠭᠠᠵᠤ᠂ ᠨᠥᠬᠦᠴᠡᠯ ᠲᠠᠢ ᠨᠢ ᠭᠠᠵᠠᠷ  ᠲᠡᠭᠰᠢᠯᠡᠬᠦ ᠲᠠᠢ ᠤᠶᠠᠯᠳᠤᠭᠤᠯᠤᠨ ᠣᠷᠭᠠᠨᠢᠭ ᠪᠣᠷᠳᠣᠭᠤᠷ ᠣᠷᠣᠭᠤᠯᠵᠤ ᠪᠣᠯᠣᠨ᠎ᠠ︔ ᠨᠠᠮᠤᠷ ᠤᠨ ᠤᠯᠠᠷᠢᠯ ᠳᠤ  ᠭᠠᠵᠠᠷ ᠲᠡᠭᠰᠢᠯᠡᠬᠦ ᠳᠤ ᠴᠠᠭ ᠲᠤᠬᠠᠢ ᠳᠤᠨᠢ ᠴᠢᠭᠢᠭ ᠢ ᠬᠠᠮᠠᠭᠠᠯᠠᠨ ᠳᠠᠷᠢᠬᠤ ᠶᠢᠨ ᠬᠠᠮᠲᠤ ᠴᠠᠭ ᠲᠤᠬᠠᠢ ᠳᠤᠨᠢ  ᠳᠠᠷᠤᠰᠢᠭᠤᠯᠤᠨ᠂ ᠴᠢᠳᠠᠬᠤ ᠶᠢᠨ ᠳᠣᠲᠣᠷ᠎ᠠ ᠰᠢᠷᠣᠢ ᠪᠠᠭ᠎ᠠ ᠬᠥᠳᠡᠯᠭᠡᠵᠦ᠂ ᠤᠰᠤᠨ ᠤ ᠠᠭᠤᠷᠰᠢᠯᠲᠠ ᠶᠢ  ᠪᠠᠭᠠᠰᠬᠠᠨ᠎ᠠ︔ ᠨᠢᠭᠡᠨᠲᠡ ᠳᠠᠷᠢᠬᠤ ᠪᠠᠷ ᠪᠠᠶᠢᠭ᠎ᠠ ᠪᠠᠶᠢᠳᠠᠯ ᠳᠤ ᠬᠦᠷᠦᠭᠰᠡᠨ᠂ ᠴᠢᠭᠢᠭ ᠤᠨ ᠪᠠᠶᠢᠳᠠᠯ ᠨᠢ ᠲᠣᠬᠢᠷᠠᠭᠰᠠᠨ  ᠮᠥᠷᠲᠡᠭᠡᠨ ᠭᠠᠵᠠᠷ ᠤᠨ ᠳᠤᠯᠠᠭᠠᠨ ᠨᠢ ᠳᠠᠷᠢᠬᠤ ᠨᠥᠬᠦᠴᠡᠯ ᠳᠤ ᠬᠦᠷᠦᠭᠰᠡᠨ ᠪᠠᠶᠢᠪᠠᠯ ᠴᠠᠭ ᠲᠤᠨᠢ ᠲᠣᠬᠢᠷᠠᠭᠤᠯᠤᠨ  ᠡᠷᠲᠡ ᠳᠠᠷᠢᠵᠤ ᠵᠠᠪᠳᠤᠨ ᠳᠠᠷᠢᠵᠤ᠂ ᠮᠠᠰᠢᠨ ᠢᠶᠠᠷ ᠨᠠᠷᠢᠯᠢᠭ ᠳᠠᠷᠢᠬᠤ ᠬᠡᠷᠡᠭᠲᠡᠢ᠃ ᠭᠠᠩ ᠬᠠᠭᠤᠷᠠᠢ ᠭᠠᠵᠠᠷ ᠲᠤ  ᠴᠠᠭ ᠲᠤᠨᠢ ᠲᠣᠬᠢᠷᠠᠭᠤᠯᠤᠨ ︽ᠴᠢᠬᠢᠭ ᠢ ᠪᠤᠯᠢᠶᠠᠯᠳᠤᠬᠤ︾᠂ ᠭᠦᠨ ᠲᠠᠷᠢᠵᠤ ᠭᠦᠢᠬᠡᠨ ᠪᠦᠷᠬᠦᠬᠦ ︽ᠴᠢᠬᠢᠭ ᠢ  ᠵᠣᠯᠭᠠᠭᠤᠯᠬᠤ︾᠂ ᠤᠰᠤᠳᠤᠬᠤ ︵ᠱᠦᠭᠦᠭᠦ︶ ︽ᠴᠢᠬᠢᠭ ᠢ ᠨᠡᠮᠡᠭᠳᠡᠭᠦᠯᠬᠦ︾ ᠪᠠᠷ ᠲᠠᠷᠢᠬᠤ ᠵᠡᠷᠭᠡ ᠶᠢ ᠬᠡᠷᠡᠭᠯᠡᠵᠦ᠂  ᠨᠥᠬᠦᠴᠡᠯ ᠢ ᠪᠦᠷᠢᠯᠳᠦᠭᠦᠯᠦᠭᠡᠳᠦᠶ ᠨᠢ ᠤᠤᠯ ᠤᠨ ᠳᠠᠯᠠᠩ ᠳᠤ ᠲᠠᠷᠢᠵᠤ ᠪᠣᠯᠤᠨ᠎ᠠ︔ ᠬᠠᠪᠤᠷ ᠤᠨ ᠤᠰᠤᠲᠤᠯ ᠲᠠᠢ  ᠭᠠᠵᠠᠷ ᠢ ᠡᠷᠲᠡᠬᠡᠨ ᠴᠡᠪᠡᠷᠯᠡᠨ ᠬᠠᠲᠠᠭᠠᠵᠤ᠂ ᠳᠠᠯᠠᠩ ᠢ ᠤᠷᠪᠠᠭᠤᠯᠤᠨ ᠴᠢᠭᠢᠭ ᠢ ᠲᠡᠭᠳᠡᠭᠡᠵᠦ᠂ ᠭᠠᠵᠠᠷ ᠢ  ᠬᠠᠳᠠᠭᠠᠭᠰᠠᠨ ᠤ ᠳᠠᠷᠠᠭ᠎ᠠ ᠴᠠᠭ ᠲᠤᠨᠢ ᠲᠣᠬᠢᠷᠠᠭᠤᠯᠤᠨ ᠭᠦᠢᠬᠡᠨ ᠲᠠᠷᠢᠬᠤ ᠬᠡᠷᠡᠭᠲᠡᠢ᠃        ᠭᠤᠷᠪᠠ ᠳᠤ ᠵᠦᠢ ᠵᠣᠬᠢᠰᠲᠠᠢ ᠨᠢᠭᠳᠠ ᠳᠠᠷᠢᠵᠤ᠂ ᠥᠨᠳᠥᠷ ᠤᠨᠠᠯᠲᠠ ᠲᠠᠢ ᠰᠦᠷᠦᠭᠵᠢᠯ ᠢ ᠪᠠᠶᠢᠭᠤᠯᠬᠤ  ᠬᠡᠷᠡᠭᠲᠡᠢ᠃ ᠲᠠᠷᠢᠶᠠᠯᠠᠬᠤ ᠳᠠᠪᠬᠤᠷᠯᠢᠭ ᠤᠨ 0 - 10 ᠰᠡᠨᠲ᠋ᠢᠮᠧᠲ᠋ᠧᠷ ᠤᠨ ᠭᠠᠵᠠᠷ ᠤᠨ ᠳᠤᠯᠠᠭᠠᠨ ᠲᠣᠭᠲᠠᠭᠤᠨ ᠢᠶᠠᠷ  10 ᠭᠷᠠᠳᠦ᠋ᠰ ᠬᠦᠷᠬᠦ ᠳᠤ ᠳᠠᠷᠤᠶ ᠳᠠᠷᠢᠵᠤ ᠪᠣᠯᠤᠨ᠎ᠠ᠂ ᠡᠯ᠎ᠡ ᠭᠠᠵᠠᠷ ᠤᠨ ᠠᠮᠢ ᠠᠬᠤᠶ ᠶᠢᠨ ᠨᠥᠬᠦᠴᠡᠯ᠂  ᠡᠭᠦᠯᠳᠡᠷ ᠤᠨ ᠣᠨᠴᠠᠯᠢᠭ᠂ ᠬᠥᠷᠥᠰᠥ ᠰᠢᠷᠣᠶ ᠶᠢᠨ ᠥᠩ ᠰᠢᠮᠡᠯᠢᠭ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠵᠡᠷᠭᠡ ᠶᠢ  ᠦᠨᠳᠦᠰᠦᠯᠡᠨ ᠲᠠᠷᠢᠮᠠᠯ ᠤᠨ ᠨᠢᠭᠲᠠᠴᠠ ᠶᠢ ᠵᠦᠶ ᠵᠣᠬᠢᠰᠲᠠᠶ ᠲᠣᠭᠲᠠᠭᠠᠵᠤ᠂ ᠵᠣᠬᠢᠬᠤ ᠬᠡᠮᠵᠢᠶ᠎ᠡ ᠪᠠᠷ ᠨᠢᠭᠲᠠ  ᠲᠠᠷᠢᠨ᠎ᠠ᠃ ᠵᠡᠭᠦᠨ ᠬᠤᠶᠢᠲᠤ ᠣᠷᠣᠨ ᠪᠠ ᠪᠠᠷᠠᠭᠤᠨ ᠬᠤᠶᠢᠲᠤ ᠣᠷᠣᠨ ᠤ ᠬᠠᠭᠤᠷᠠᠶ ᠲᠠᠷᠢᠶᠠᠯᠠᠭ᠎ᠠ ᠶᠢᠨ ᠣᠷᠣᠨ ᠤ  ᠡᠩ ᠤᠨ ᠭᠠᠵᠠᠷ ᠤᠨ ᠮᠥ ᠪᠦᠷᠢ ᠶᠢᠨ ᠴᠢᠬᠢ ᠶᠢ 4000-4500 ᠰᠠᠭᠤᠷᠢ ᠬᠠᠮᠠᠭᠠᠯᠠᠵᠤ᠂ ᠭᠠᠵᠠᠷ ᠲᠡᠭᠰᠢᠯᠡᠵᠦ  ᠳᠠᠷᠢᠬᠤ ᠶᠠᠰᠤ ᠴᠢᠨᠠᠷ ᠢᠶᠠᠷ ᠥᠨᠳᠥᠷ᠂ ᠨᠢᠭᠲᠠ ᠳᠤ ᠳᠠᠭᠠᠭᠠᠴᠠ ᠲᠠᠢ ᠥᠨᠳᠥᠷ ᠤᠨᠠᠯᠲᠠ ᠲᠠᠢ ᠡᠷᠳᠡᠨᠢ ᠰᠢᠰᠢ ᠶᠢᠨ  ᠡᠭᠦᠯᠳᠡᠷ ᠮᠥᠷᠲᠡᠭᠡᠨ ᠪᠣᠷᠲᠣᠭᠤᠷ ᠤᠰᠤᠨ ᠤ ᠬᠠᠩᠭᠠᠯᠭ᠎ᠠ ᠭᠦᠢᠴᠡᠳ᠂ ᠦᠢᠯᠡᠳᠪᠦᠷᠢᠯᠡᠯ ᠤᠨ ᠨᠥᠬᠦᠴᠡᠯ ᠨᠢ  ᠪᠦᠬᠦᠯᠢ ᠴᠣᠭᠴᠠ ᠪᠠᠷ ᠢᠶᠠᠨ ᠨᠡᠯᠢᠶᠡᠳ ᠰᠠᠶᠢᠨ ᠲᠠᠷᠢᠶᠠᠨ ᠭᠠᠵᠠᠷ ᠢ ᠰᠣᠩᠭᠤᠨ ᠬᠡᠷᠡᠭᠯᠡᠵᠦ᠂ ᠮᠥ ᠪᠦᠷᠢ ᠶᠢᠨ  ᠴᠢᠬᠢ ᠶᠢ ᠬᠠᠮᠠᠭᠠᠯᠠᠬᠤ ᠨᠢᠭᠲᠠᠴᠠ ᠶᠢ 5000 ᠰᠠᠭᠤᠷᠢ ᠠᠴᠠ ᠳᠡᠭᠡᠭᠰᠢ ᠪᠣᠯᠲᠠᠯ᠎ᠠ ᠨᠡᠮᠡᠭᠳᠡᠭᠦᠯᠵᠦ ᠪᠣᠯᠤᠨ᠎ᠠ᠃         ᠳᠥᠷᠪᠡ ᠳᠤ ᠡᠪᠡᠳᠴᠢᠨ ᠬᠤᠷᠣᠬᠠᠶ ᠡᠪᠡᠰᠦ ᠶᠢ ᠰᠡᠷᠭᠡᠶᠢᠯᠡᠨ ᠡᠵᠡᠮᠳᠡᠵᠦ᠂ ᠬᠤᠬᠢᠷᠠᠯ ᠢ ᠪᠠᠭᠠᠰᠬᠠᠨ ᠶᠠᠰᠤ  ᠴᠢᠨᠠᠷ ᠢ ᠳᠡᠭᠡᠭᠰᠢᠯᠡᠭᠦᠯᠦᠨ ᠤᠨᠠᠯᠲᠠ ᠪᠠᠨ ᠨᠡᠮᠡᠭᠳᠡᠭᠦᠯᠬᠦ ᠬᠡᠷᠡᠭᠲᠡᠢ᠃ ᠵᠢᠱᠢᠯᠲᠡ ᠶᠢ ᠦᠨᠳᠦᠰᠦᠯᠡᠪᠡᠯ᠂ ᠡᠨᠡ ᠵᠢᠯ  ᠡᠷᠳᠡᠨᠢ ᠰᠢᠰᠢ ᠶᠢᠨ ᠡᠪᠡᠳᠴᠢᠨ ᠬᠤᠷᠣᠬᠠᠶ ᠶᠢᠨ ᠭᠠᠮᠰᠢᠭ ᠶᠡᠷᠦᠩᠬᠡᠶ ᠳᠡᠭᠡᠨ ᠬᠦᠨᠳᠦ ᠰᠢᠭ᠃ ᠪᠠᠷᠠᠭᠤᠨ ᠬᠤᠶᠢᠲᠤ  ᠣᠷᠣᠨ ᠳᠤ ᠭᠠᠵᠠᠷ ᠳᠣᠤᠷᠠᠬᠢ ᠬᠥᠨᠥᠭᠡᠯᠲᠦ ᠬᠤᠷᠣᠬᠠᠶ᠂ ᠪᠠᠭᠠᠷᠠᠩ ᠬᠤᠷᠣᠬᠠᠶ᠂ ᠨᠠᠪᠴᠢᠲᠤ ᠬᠠᠴᠢᠭ᠂  ᠬᠥᠪᠥᠩ ᠤᠨ ᠬᠤᠷᠣᠬᠠᠶ᠂ ᠡᠷᠳᠡᠨᠢ ᠰᠢᠰᠢ ᠶᠢᠨ ᠮᠢᠩ ᠬᠤᠷᠣᠬᠠᠶ᠂ ᠡᠰᠢ ᠢᠯᠵᠢᠷᠡᠬᠦ ᠡᠪᠡᠳᠴᠢᠨ᠂ ᠶᠡᠭᠡ ᠲᠣᠯᠪᠣᠲᠤ  ᠡᠪᠡᠳᠴᠢᠨ ᠵᠡᠷᠭᠡ ᠡᠪᠡᠳᠴᠢᠨ ᠬᠤᠷᠣᠬᠠᠶ ᠶᠢᠨ ᠬᠥᠨᠥᠭᠡᠯ ᠢ ᠭᠤᠤᠯᠳᠠᠯᠭ᠎ᠠ ᠲᠠᠢ ᠠᠩᠬᠠᠷᠬᠤ ᠬᠡᠷᠡᠭᠲᠡᠶ᠃  ᠡᠪᠡᠳᠴᠢᠨ ᠢ ᠡᠰᠡᠷᠭᠦᠴᠡᠵᠦ ᠰᠥᠷᠬᠦ ᠶᠢ ᠡᠰᠡᠷᠭᠦᠴᠡᠬᠦ ᠡᠭᠦᠯᠳᠡᠷ ᠵᠢᠴᠢ ᠴᠢᠨᠠᠷ ᠰᠠᠶᠢᠲᠠᠶ ᠪᠣᠭᠤᠳᠠᠯᠯᠠᠬᠤ ᠦᠷ᠎ᠡ ᠶᠢ  ᠬᠡᠷᠡᠭᠯᠡᠵᠦ᠂ ᠴᠢᠬᠤᠯᠠ ᠲᠠᠢ ᠦᠶ᠎ᠡ ᠳᠤ ᠬᠠᠨᠳᠤᠯᠭᠠᠲᠤ ᠴᠢᠨᠠᠷᠲᠠᠶ ᠪᠠᠷ ᠬᠤᠶᠠᠳᠠᠬᠢ ᠤᠳᠠᠭ᠎ᠠ ᠨᠠᠷᠢᠯᠢᠭ ᠣᠨᠣᠴᠠᠲᠠᠶ  ᠪᠣᠭᠤᠳᠠᠯᠯᠠᠵᠤ ᠪᠣᠯᠤᠨ᠎ᠠ᠃ ᠲᠠᠷᠢᠶᠠᠯᠠᠩ ᠤᠨ ᠮᠡᠷᠭᠡᠵᠢᠯ ᠤᠨ ᠠᠷᠭ᠎ᠠ ᠬᠡᠮᠵᠢᠶ᠎ᠡ ᠲᠠᠢ ᠤᠶᠠᠯᠳᠤᠭᠤᠯᠤᠨ ᠪᠤᠵᠠᠷ  ᠡᠪᠡᠰᠦ ᠶᠢ ᠰᠡᠷᠭᠡᠶᠢᠯᠡᠨ ᠡᠵᠡᠮᠳᠡᠵᠦ᠂ ᠬᠥᠷᠥᠰᠥᠨ ᠤ ᠴᠢᠭᠢᠭ ᠤᠨ ᠪᠠᠶᠢᠳᠠᠯ ᠨᠡᠯᠢᠶᠡᠳ ᠰᠠᠶᠢᠨ ᠪᠠᠶᠢᠭ᠎ᠠ ᠭᠠᠵᠠᠷ ᠲᠤ  ︽ᠨᠢᠭᠡ ᠪᠢᠲᠡᠭᠦᠮᠵᠢᠯᠡᠨ ᠨᠢᠭᠡ ᠠᠯᠠᠬᠤ︾ ᠠᠷᠭ᠎ᠠ ᠶᠢ ᠬᠡᠷᠡᠭᠯᠡᠬᠦ ᠬᠡᠷᠡᠭᠲᠡᠢ︔ ᠬᠥᠷᠥᠰᠥᠨ ᠤ ᠴᠢᠭᠢᠭ ᠤᠨ ᠪᠠᠶᠢᠳᠠᠯ  ᠠᠨᠠᠶ᠂ ᠬᠤᠷ᠎ᠠ ᠪᠣᠷᠣᠭᠠᠨ ᠪᠠᠭ᠎ᠠ᠂ ᠡᠯᠡᠰᠦᠷᠬᠡᠭ ᠭᠠᠵᠠᠷ ᠲᠤ ︽ᠨᠢᠭᠡ ᠠᠯᠠᠵᠤ ᠨᠢᠭᠡ ᠨᠥᠬᠦᠪᠥᠷᠢᠯᠡᠬᠦ︾ ᠶᠢ  ᠬᠡᠷᠡᠭᠵᠢᠭᠦᠯᠬᠦ ᠬᠡᠷᠡᠭᠲᠡᠢ᠃ ᠡᠪᠡᠳᠴᠢᠨ ᠬᠤᠷᠣᠬᠠᠶ ᠡᠪᠡᠰᠦᠨ ᠤ ᠭᠠᠮᠰᠢᠭ ᠡᠭᠦᠰᠬᠦ ᠪᠠᠶᠢᠳᠠᠯ ᠢ ᠬᠢᠨᠠᠨ ᠬᠡᠮᠵᠢᠵᠦ  ᠰᠡᠷᠡᠮᠵᠢᠯᠡᠭᠦᠯᠬᠦ ᠶᠢ ᠴᠢᠩᠭᠠᠳᠬᠠᠨ᠂ ᠨᠢᠭᠡᠳᠦᠯᠲᠡᠶ ᠰᠡᠷᠭᠡᠶᠢᠯᠡᠨ ᠵᠠᠰᠠᠬᠤ᠂ ︽ᠨᠢᠭᠡ ᠰᠦᠷᠴᠢᠨ ᠣᠯᠠᠨ ᠠᠬᠢᠭᠤᠯᠬᠤ︾ ᠵᠡᠷᠭᠡ ᠶᠢ ᠴᠠᠭ ᠲᠤᠨᠢ ᠲᠣᠬᠢᠷᠠᠭᠤᠯᠤᠨ ᠥᠷᠨᠢᠭᠦᠯᠬᠦ ᠬᠡᠷᠡᠭᠲᠡᠶ᠃  
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号