ᠠᠮᠤ ᠳᠤᠰᠤᠨ ᠤ ᠲᠠᠷᠢᠮᠠᠯ ᠤᠨ ᠨᠢᠭᠡᠴᠢ ᠲᠠᠯᠠᠪᠠᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠨᠡᠮᠡᠭᠳᠡᠭᠦᠯᠬᠦ ᠶᠢ  ᠬᠡᠷᠬᠢᠨ ᠠᠬᠢᠭᠤᠯᠬᠤ ᠪᠤᠢ ︵ᠲᠦᠷᠦ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ · ᠬᠥᠳᠡᠭᠡ  ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ︶
ᠨᠡᠶᠢᠲᠡᠯᠡᠭᠰᠡᠨ ᠴᠠᠭ᠄
2024/5/9
      ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠤ ᠪᠠᠨ ︽ᠰᠠᠶᠢᠨ ᠡᠭᠦᠯᠳᠡᠷ᠂ ᠰᠠᠶᠢᠨ ᠲᠣᠬᠢᠶᠠᠯ᠂  ᠰᠠᠶᠢᠨ ᠠᠷᠭ᠎ᠠ ᠶᠢ ᠳᠡᠯᠭᠡᠷᠡᠭᠦᠯᠬᠦ ᠪᠠᠨ ᠡᠷᠴᠢᠮᠵᠢᠭᠦᠯᠵᠦ᠂ ᠨᠠᠷᠢᠯᠢᠭ ᠳᠠᠷᠢᠵᠤ ᠨᠢᠮᠪᠠᠢ ᠠᠷᠠᠴᠢᠯᠠᠬᠤ ᠳᠤ ᠬᠦᠴᠦ  ᠲᠠᠯᠪᠢᠨ᠂ ᠠᠮᠤ ᠪᠤᠳᠠᠭᠠᠨ ᠤ ᠨᠢᠭᠡᠴᠢ ᠲᠠᠯᠠᠪᠠᠢ ᠶᠢᠨ ᠤᠨᠠᠯᠲᠠ ᠪᠠ ᠴᠢᠨᠠᠷ ᠢ ᠴᠢᠨᠠᠭᠰᠢᠳᠠ ᠤᠯᠠᠮ ᠳᠡᠭᠡᠭᠰᠢᠯᠡᠭᠦᠯᠵᠦ᠂  ᠠᠮᠤ ᠪᠤᠳᠠᠭ᠎ᠠ ᠲᠠᠷᠢᠭᠠᠳ ᠴᠤ ᠪᠠᠶᠠᠵᠢᠵᠤ ᠳᠡᠶᠢᠯᠬᠦ ᠪᠣᠯᠭᠠᠨ᠎ᠠ︾ ᠭᠡᠵᠡᠢ᠃ ᠡᠨᠡ ᠵᠢᠯ ᠤᠨ ᠲᠥᠪ ᠤᠨ ᠨᠢᠭᠡᠳᠦᠭᠡᠷ  ᠲᠣᠭᠠᠲᠤ ᠪᠢᠴᠢᠭ ᠮᠠᠲ᠋ᠧᠷᠢᠶᠠᠯ ᠳᠤ ︽ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠭᠤᠣᠯᠳᠠᠯᠭ᠎ᠠ ᠶᠢ ᠨᠢᠭᠡᠴᠢ  ᠲᠠᠯᠠᠪᠠᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠨᠡᠮᠡᠭᠳᠡᠭᠦᠯᠬᠦ ᠳᠡᠭᠡᠷ᠎ᠡ ᠲᠠᠯᠪᠢᠬᠤ ᠬᠡᠷᠡᠭᠲᠡᠢ︾ ︽ᠠᠮᠤ ᠪᠤᠳᠠᠭᠠᠨ ᠤ  ᠨᠢᠭᠡᠴᠢ ᠲᠠᠯᠠᠪᠠᠢ ᠶᠢᠨ ᠤᠨᠠᠯᠲᠠ ᠶᠢ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ︾ ᠭᠡᠵᠦ ᠳᠤᠷᠠᠳᠤᠨ  ᠭᠠᠷᠭᠠᠵᠠᠢ᠃       ᠨᠢᠳᠤᠨᠤᠨ᠂ ᠰᠢᠷ᠎ᠠ ᠪᠤᠷᠴᠠᠭ᠂ ᠡᠷᠳᠡᠨᠢ ᠰᠢᠰᠢ ᠬᠤᠶᠠᠷ ᠶᠡᠭᠡ ᠲᠠᠷᠢᠮᠠᠯ ᠳᠤ ᠠᠩᠬᠠᠷᠤᠯ ᠢᠶᠠᠨ ᠲᠥᠪᠯᠡᠷᠡᠭᠦᠯᠦᠨ ᠂  ᠮᠠᠨ ᠤ ᠤᠯᠤᠰ ᠠᠮᠤ ᠲᠣᠰᠣ ᠵᠡᠷᠭᠡ ᠭᠤᠣᠯ ᠪᠣᠯᠬᠤ ᠲᠠᠷᠢᠮᠠᠯ ᠤᠨ ᠨᠢᠭᠡᠴᠢ ᠲᠠᠯᠠᠪᠠᠢ ᠶᠢᠨ ᠤᠨᠠᠯᠲᠠ ᠶᠢ ᠨᠡᠮᠡᠭᠳᠡᠭᠦᠯᠬᠦ  ᠠᠵᠢᠯᠯᠠᠭ᠎ᠠ ᠶᠢ ᠡᠬᠢᠯᠡᠭᠦᠯᠦᠭᠡᠳ᠂ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃ ᠭᠤᠣᠯᠳᠠᠯᠭ᠎ᠠ ᠲᠠᠢ ᠰᠢᠶᠠᠨ ᠤ  ᠰᠢᠷ᠎ᠠ ᠪᠤᠷᠴᠠᠭ᠂ ᠡᠷᠳᠡᠨᠢ ᠰᠢᠰᠢ ᠶᠢᠨ ᠮᠦ ᠪᠦᠷᠢ ᠶᠢᠨ ᠤᠨᠠᠯᠲᠠ ᠶᠢ ᠲᠤᠰ ᠲᠤᠰ 19.9 ᠺᠢᠯᠣᠭ᠍ᠷᠠᠮ᠂ 72.6  ᠺᠢᠯᠣᠭ᠍ᠷᠠᠮ ᠨᠡᠮᠡᠭᠳᠡᠭᠦᠯᠵᠦ᠂ ᠤᠨᠠᠯᠲᠠ ᠶᠢ ᠨᠡᠮᠡᠭᠳᠡᠭᠦᠯᠬᠦ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠶᠢ  73% ᠠᠴᠠ ᠳᠠᠪᠠᠭᠤᠯᠵᠤ᠂ ᠪᠦᠬᠦ ᠤᠯᠤᠰ ᠤᠨ ᠠᠮᠤ ᠪᠤᠳᠠᠭᠠᠨ ᠤ ᠮᠦ ᠪᠦᠷᠢ ᠶᠢᠨ ᠤᠨᠠᠯᠲᠠ ᠶᠢ ᠳᠠᠶᠢᠴᠢᠯᠠᠨ 2.9  ᠺᠢᠯᠣᠭ᠍ᠷᠠᠮ ᠨᠡᠮᠡᠭᠳᠡᠭᠦᠯᠪᠡ᠃         ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ ᠰᠢᠨᠵᠢᠯᠡᠬᠦ  ᠤᠬᠠᠭᠠᠨ ᠤ ᠰᠤᠳᠤᠯᠭᠠᠨ ᠤ ᠭᠠᠵᠠᠷ ᠤᠨ ᠨᠠᠮ ᠤᠨ ᠬᠤᠷᠢᠶᠠᠨ ᠤ ᠱᠦᠵᠢ ᠯᠢᠦ ᠯᠦ ᠰᠢᠶᠠᠩ ᠢᠯᠡᠷᠬᠡᠶᠢᠯᠡᠬᠦ ᠳᠤ ᠪᠠᠨ᠂  ᠲᠠᠷᠢᠶᠠᠨ ᠭᠠᠵᠠᠷ ᠬᠢᠭᠡᠳ ᠤᠰᠤᠨ ᠤ ᠡᠬᠢ ᠪᠠᠶᠠᠯᠢᠭ ᠤᠨ ᠬᠢᠵᠠᠭᠠᠷᠯᠠᠯ ᠠᠴᠠ ᠪᠣᠯᠵᠤ᠂ ᠣᠳᠣᠬᠠᠨ ᠳᠤ ᠮᠠᠨ ᠤ  ᠤᠯᠤᠰ ᠤᠨ ᠲᠠᠯᠠᠪᠠᠢ ᠶᠢ ᠥᠷᠭᠡᠳᠬᠡᠬᠦ ᠳᠤ ᠲᠦᠰᠢᠭᠯᠡᠨ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠣᠷᠣᠨ ᠵᠠᠢ  ᠨᠡᠯᠢᠶᠡᠳ ᠬᠢᠵᠠᠭᠠᠷ ᠲᠠᠢ ᠪᠠᠶᠢᠨ᠎ᠠ᠂ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠭᠤᠣᠯ ᠠᠷᠭ᠎ᠠ ᠵᠠᠮ ᠪᠣᠯ  ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠳᠤ ᠲᠦᠰᠢᠭᠯᠡᠨ ᠨᠢᠭᠡᠴᠢ ᠲᠠᠯᠠᠪᠠᠢ ᠶᠢᠨ  ᠤᠨᠠᠯᠲᠠ ᠶᠢ ᠨᠡᠮᠡᠭᠳᠡᠭᠦᠯᠬᠦ ᠶᠠᠪᠤᠳᠠᠯ ᠶᠤᠮ ᠭᠡᠯ᠎ᠡ᠃         ᠶᠡᠷᠦᠩᠬᠡᠢ ᠳᠤ ᠨᠢ ᠠᠪᠴᠤ ᠦᠵᠡᠪᠡᠯ᠂ ᠮᠠᠨ ᠤ ᠤᠯᠤᠰ ᠤᠨ ᠠᠮᠤ ᠲᠣᠰᠣᠨ ᠤ ᠲᠠᠷᠢᠮᠠᠯ ᠤᠨ ᠨᠢᠭᠡᠴᠢ  ᠲᠠᠯᠠᠪᠠᠢ ᠶᠢᠨ ᠤᠨᠠᠯᠲᠠ ᠶᠢ ᠶᠡᠭᠡ ᠬᠡᠪᠴᠢᠶ᠎ᠠ ᠪᠠᠷ ᠨᠡᠮᠡᠭᠳᠡᠭᠦᠯᠬᠦ ᠲᠠᠯ᠎ᠠ ᠪᠠᠷ ᠮᠥᠨ ᠨᠡᠯᠢᠶᠡᠳ ᠶᠡᠭᠡ ᠨᠢᠭᠤᠭᠳᠠᠮᠠᠯ  ᠬᠦᠴᠦᠨ ᠪᠤᠢ᠃ ᠮᠡᠷᠭᠡᠵᠢᠯᠲᠡᠳ ᠤᠨ ᠵᠢᠭᠠᠵᠤ ᠭᠠᠷᠭᠠᠭᠰᠠᠨ ᠢᠶᠠᠷ᠂ ᠳᠡᠯᠡᠬᠡᠢ ᠶᠢᠨ ᠲᠡᠷᠢᠭᠦᠨ ᠤ ᠲᠦᠪᠰᠢᠨ ᠲᠠᠢ  ᠬᠠᠷᠢᠴᠠᠭᠤᠯᠪᠠᠯ᠂ ᠮᠠᠨ ᠤ ᠤᠯᠤᠰ ᠡᠷᠳᠡᠨᠢ ᠰᠢᠰᠢ᠂ ᠰᠢᠷ᠎ᠠ ᠪᠤᠷᠴᠠᠭ᠂ ᠰᠢᠯᠢᠮᠳᠡᠭ ᠤᠨ ᠳᠤᠮᠳᠠᠴᠢ ᠨᠢᠭᠡᠴᠢ  ᠲᠠᠯᠠᠪᠠᠢ ᠶᠢᠨ ᠤᠨᠠᠯᠲᠠ ᠶᠢ ᠨᠡᠮᠡᠭᠳᠡᠭᠦᠯᠬᠦ ᠣᠷᠣᠨ ᠵᠠᠢ ᠲᠠᠢ ᠪᠠᠶᠢᠭᠰᠠᠭᠠᠷ᠃ ᠠᠳᠠᠯᠢ ᠪᠤᠰᠤ ᠭᠠᠵᠠᠷ ᠣᠷᠣᠨ ᠳᠤ᠂  ᠲᠠᠷᠢᠮᠠᠯ ᠤᠨ ᠳᠦᠷᠢᠮ᠂ ᠳᠠᠷᠢᠵᠤ ᠤᠷᠭᠤᠭᠤᠯᠬᠤ ᠵᠠᠭᠪᠤᠷ᠂ ᠮᠡᠷᠭᠡᠵᠢᠯ ᠢᠶᠠᠨ ᠪᠣᠲᠠᠲᠠᠶᠢᠵᠢᠭᠤᠯᠤᠭᠰᠠᠨ ᠨᠣᠷᠮ᠎ᠠ ᠵᠡᠷᠭᠡ  ᠬᠦᠴᠦᠨ ᠵᠦᠢᠯ ᠤᠨ ᠨᠥᠯᠥᠭᠡ ᠠᠴᠠ ᠪᠣᠯᠵᠤ᠂ ᠮᠥᠨ ᠠᠳᠠᠯᠢᠬᠠᠨ ᠢᠶᠠᠷ ᠨᠢᠭᠡᠴᠢ ᠲᠠᠯᠠᠪᠠᠢ ᠶᠢᠨ ᠤᠨᠠᠯᠲᠠ ᠶᠢᠨ  ᠵᠥᠷᠢᠶ᠎ᠡ ᠢᠯᠡᠳᠲᠡ ᠣᠷᠣᠰᠢᠵᠤ ᠪᠠᠶᠢᠨ᠎ᠠ᠃         ᠡᠨᠡ ᠵᠢᠯ᠂ ᠮᠠᠨ ᠤ ᠤᠯᠤᠰ ᠮᠢᠩᠭᠠᠨ ᠳ᠋ᠦᠩᠰᠢᠭᠤᠷ ᠵᠢᠩ ᠠᠮᠤ ᠪᠤᠳᠠᠭ᠎ᠠ ᠦᠢᠯᠡᠳᠪᠦᠷᠢᠯᠡᠬᠦ ᠴᠢᠳᠠᠪᠤᠷᠢ ᠶᠢ  ᠳᠡᠭᠡᠭᠰᠢᠯᠡᠭᠦᠯᠬᠦ ᠰᠢᠨ᠎ᠡ ᠨᠢᠭᠡ ᠡᠭᠡᠯᠵᠢᠨ ᠤ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠬᠤ ᠪᠣᠯᠣᠨ᠎ᠠ᠃ ᠲᠠᠷᠢᠶᠠᠯᠠᠩ  ᠬᠥᠳᠡᠭᠡ ᠲᠣᠰᠬᠤᠨ ᠤ ᠶᠠᠮᠤᠨ ᠤ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠤ ᠬᠠᠮᠢᠶ᠎ᠠ ᠪᠦᠬᠦᠢ  ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ ᠪᠣᠯ᠂ ᠨᠢᠭᠡᠴᠢ ᠲᠠᠯᠠᠪᠠᠢ ᠶᠢᠨ ᠤᠨᠠᠯᠲᠠ ᠭᠡᠬᠦ ᠡᠨᠡ ᠬᠦ  ᠵᠠᠩᠭᠢᠯᠠᠭ᠎ᠠ ᠶᠢᠨ ᠬᠤᠪᠢᠰᠤᠭᠴᠢ ᠬᠡᠮᠵᠢᠭᠳᠡᠬᠦᠨ ᠳᠤ ᠴᠢᠭᠯᠡᠭᠦᠯᠦᠨ᠂ ᠪᠣᠬᠢᠷᠲᠤᠯ ᠦᠭᠡᠢ ᠥᠨᠳᠥᠷ ᠤᠨᠠᠯᠲᠠ ᠲᠠᠢ  ᠥᠨᠳᠥᠷ ᠦᠷ᠎ᠡ ᠠᠰᠢᠭ ᠲᠠᠢ ᠮᠡᠷᠭᠡᠵᠢᠯ ᠤᠨ ᠨᠢᠭᠡ ᠪᠦᠯᠦᠭ ᠵᠠᠭᠪᠤᠷ ᠤᠳ ᠢ ᠦᠷᠭᠦᠯᠵᠢᠯᠡᠨ ᠬᠤᠷᠠᠮᠳᠤᠭᠤᠯᠵᠤ᠂  ᠤᠨᠠᠯᠲᠠ ᠪᠠ ᠦᠷ᠎ᠡ ᠠᠰᠢᠭ ᠢ ᠨᠡᠮᠡᠭᠳᠡᠭᠦᠯᠬᠦ‍ ᠨᠢᠭᠡ ᠪᠦᠯᠦᠭ ᠵᠠᠩᠭᠢᠯᠠᠭ᠎ᠠ ᠶᠢᠨ ᠮᠡᠷᠭᠡᠵᠢᠯ ᠤᠳ ᠢ ᠦᠷᠭᠦᠯᠵᠢᠯᠡᠨ  ᠳᠡᠯᠭᠡᠷᠡᠭᠦᠯᠵᠦ᠂ ᠶᠡᠭᠡ ᠬᠡᠪᠴᠢᠶᠡᠲᠦ ᠪᠦᠬᠦᠯᠢ ᠪᠠᠶᠢᠭᠤᠯᠤᠮᠵᠢ ᠶᠢᠨ ᠳᠦᠷᠢᠮᠲᠦ ᠥᠨᠳᠥᠷ ᠤᠨᠠᠯᠲᠠ ᠲᠠᠢ ᠨᠢᠭᠡ ᠪᠦᠯᠦᠭ  ᠨᠡᠶᠢᠲᠡᠯᠢᠭ ᠵᠢᠱᠢᠶ᠎ᠡ ᠨᠦᠭᠦᠳ ᠢ ᠦᠷᠭᠦᠯᠵᠢᠯᠡᠨ ᠠᠭᠤᠳᠠᠯᠵᠤ᠂ ᠠᠮᠤ ᠲᠤᠰᠤᠨ ᠤ ᠨᠢᠭᠡᠴᠢ ᠲᠠᠯᠠᠪᠠᠢ ᠶᠢᠨ  ᠤᠨᠠᠯᠲᠠ ᠶᠢᠨ ᠨᠢᠭᠤᠭᠳᠠᠮᠠᠯ ᠬᠦᠴᠦᠨ ᠢ ᠪᠦᠬᠦ ᠲᠠᠯ᠎ᠠ ᠪᠠᠷ᠂ ᠪᠦᠬᠦ ᠶᠠᠪᠤᠴᠠ ᠳᠤ ᠠᠭᠤᠳᠠᠯᠤᠨ᠂ ︽ᠤᠯᠠᠨ  ᠮᠡᠷᠭᠡᠵᠢᠯ ᠢ ᠬᠤᠷᠠᠮᠳᠤᠭᠤᠯᠵᠤ᠂ ᠶᠡᠭᠡ ᠬᠡᠪᠴᠢᠶ᠎ᠡ ᠪᠠᠷ ᠲᠦᠭᠡᠮᠡᠯᠵᠢᠭᠦᠯᠬᠦ︾ ᠲᠡᠩᠴᠡᠭᠦᠷᠢᠲᠡᠢ ᠤᠨᠠᠯᠲᠠ ᠶᠢ  ᠨᠡᠮᠡᠭᠳᠡᠭᠦᠯᠬᠦ ᠪᠠᠶᠢᠷᠢᠰᠢᠯ ᠢ ᠲᠦᠷᠭᠡᠨ ᠪᠦᠷᠢᠯᠳᠦᠭᠦᠯᠦᠨ᠎ᠡ᠃         — ᠭᠤᠣᠯᠳᠠᠯᠭ᠎ᠠ ᠲᠠᠢ ᠣᠷᠣᠨ ᠪᠦᠰᠡ ᠶᠢ ᠠᠳᠬᠤᠨ᠎ᠠ᠃ ᠰᠢᠷ᠎ᠠ ᠪᠤᠷᠴᠠᠭ᠂ ᠡᠷᠳᠡᠨᠢ ᠰᠢᠰᠢ᠂ ᠪᠤᠭᠤᠳᠠᠢ᠂  ᠰᠢᠯᠢᠮᠳᠡᠭ ᠵᠡᠷᠭᠡ ᠳᠦᠷᠪᠡᠨ ᠲᠠᠷᠢᠮᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤ ᠳᠤᠰᠤᠨ ᠤ ᠭᠤᠣᠯ  ᠭᠠᠷᠤᠯᠲᠠ ᠶᠢᠨ ᠰᠢᠶᠠᠨ ᠳᠤ ᠪᠦᠬᠦᠯᠢ ᠪᠠᠶᠢᠭᠤᠯᠤᠮᠵᠢ ᠶᠢᠨ ᠳᠦᠷᠢᠮ ᠢᠶᠠᠷ ᠠᠬᠢᠭᠤᠯᠤᠨ᠂ ᠨᠢᠭᠡᠴᠢ ᠲᠠᠯᠠᠪᠠᠢ ᠶᠢᠨ  ᠤᠨᠠᠯᠲᠠ ᠶᠢ ᠶᠡᠭᠡ ᠬᠡᠪᠴᠢᠶ᠎ᠡ ᠪᠠᠷ ᠨᠡᠮᠡᠭᠳᠡᠭᠦᠯᠬᠦ ᠶᠢ ᠦᠷᠭᠦᠯᠵᠢᠯᠡᠨ ᠭᠦᠨᠵᠡᠭᠡᠢ ᠠᠬᠢᠭᠤᠯᠤᠨ᠎ᠠ᠃         — ᠵᠢᠱᠢᠶ᠎ᠡ ᠦᠵᠡᠭᠦᠯᠵᠦ ᠳᠠᠶᠢᠴᠢᠯᠠᠬᠤ ᠶᠢ ᠠᠳᠬᠤᠨ᠎ᠠ᠃ ᠪᠦᠬᠦᠯᠢ ᠪᠠᠶᠢᠭᠤᠯᠤᠮᠵᠢ ᠶᠢᠨ ᠳᠦᠷᠢᠮ ᠢᠶᠠᠷ  ᠰᠢᠶᠠᠨ ᠬᠢᠭᠡᠳ ᠭᠤᠣᠯᠳᠠᠯᠭ᠎ᠠ ᠲᠠᠢ ᠲᠠᠷᠢᠮᠠᠯ ᠢ ᠠᠬᠢᠭᠤᠯᠬᠤ ᠶᠢᠨ ᠲᠣᠭᠤᠷᠢᠨ ᠳᠤ᠂ ︽ᠭᠤᠣᠯᠯᠠᠭᠴᠢ ᠲᠦᠷᠦᠯ ᠵᠦᠢᠯ  ᠂ ᠭᠤᠣᠯ ᠳᠡᠯᠭᠡᠷᠡᠭᠦᠯᠬᠦ ᠮᠡᠷᠭᠡᠵᠢᠯ᠂ ᠭᠤᠣᠯ ᠮᠠᠰᠢᠨ ᠤ ᠬᠡᠯᠪᠡᠷᠢ︾ ᠶᠢ ᠲᠤᠪᠤᠶᠢᠯᠭᠠᠵᠦ᠂ ᠮᠡᠷᠭᠡᠵᠢᠯ ᠤᠨ ᠪᠣᠯᠪᠠᠰᠤᠷᠠᠯ᠂ ᠵᠢᠯᠣᠭᠤᠳᠤᠯᠭ᠎ᠠ ᠦᠢᠯᠡᠴᠢᠯᠡᠭᠡ ᠵᠡᠷᠭᠡ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ︔ ᠨᠢᠭᠡ ᠪᠦᠯᠦᠭ  ᠬᠡᠪᠴᠢᠶᠡᠵᠢᠭᠦᠯᠦᠨ ᠳᠠᠷᠢᠬᠤ ᠭᠤᠣᠯ ᠴᠣᠭᠴᠠ ᠪᠠ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ ᠶᠢ  ᠪᠤᠶᠢᠵᠢᠭᠤᠯᠬᠤ ᠶᠢ ᠲᠡᠳᠬᠦᠨ ᠳᠡᠮᠵᠢᠵᠦ᠂ ᠴᠡᠭ ᠢᠶᠠᠷ ᠨᠡᠶᠢᠳᠡᠮ ᠢ ᠳᠠᠶᠢᠴᠢᠯᠠᠨ ᠨᠢᠭᠡᠴᠢ ᠲᠠᠯᠠᠪᠠᠢ ᠶᠢᠨ ᠤᠨᠠᠯᠲᠠ ᠶᠢ  ᠶᠡᠭᠡ ᠬᠡᠪᠴᠢᠶ᠎ᠡ ᠪᠠᠷ ᠨᠡᠮᠡᠭᠳᠡᠭᠦᠯᠬᠦ ᠶᠢ ᠠᠬᠢᠭᠤᠯᠤᠨ᠎ᠠ᠃         — ᠮᠡᠷᠭᠡᠵᠢᠯ ᠢ ᠪᠣᠲᠠᠲᠠᠶᠢᠵᠢᠭᠤᠯᠬᠤ ᠶᠢ ᠠᠳᠬᠤᠨ᠎ᠠ᠃ ᠮᠡᠷᠭᠡᠵᠢᠯᠲᠡᠳ ᠤᠨ ᠪᠦᠯᠬᠦᠮ ᠬᠢᠭᠡᠳ ᠰᠢᠨᠵᠢᠯᠡᠬᠦ  ᠤᠬᠠᠭᠠᠨ ᠮᠡᠷᠭᠡᠵᠢᠯ ᠤᠨ ᠰᠠᠯᠪᠤᠷᠢ ᠠᠩᠭᠢ ᠶᠢ ᠵᠣᠬᠢᠶᠠᠨ ᠪᠠᠶᠢᠭᠤᠯᠵᠤ᠂ ᠴᠢᠬᠤᠯᠠ ᠲᠠᠷᠢᠶᠠᠯᠠᠩ ᠤᠨ ᠴᠠᠭ ᠤᠨ  ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠭᠤᠭᠴᠤᠭ᠎ᠠ ᠪᠠ ᠲᠦᠷᠦᠯ ᠵᠦᠢᠯ ᠬᠤᠪᠢᠶᠠᠨ ᠪᠠᠶᠢᠴᠠᠭᠠᠨ  ᠰᠣᠳᠣᠯᠵᠤ ᠵᠢᠭᠠᠨ ᠵᠢᠯᠤᠭᠤᠳᠤᠨ᠎ᠠ︔ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ  ᠴᠣᠭᠴᠠ ᠶᠢᠨ ᠳᠠᠪᠠᠭᠤᠯᠢᠭ ᠢ ᠪᠠᠳᠠᠷᠠᠭᠤᠯᠵᠤ᠂ ᠲᠠᠷᠢᠮᠠᠯ ᠪᠠ ᠣᠷᠣᠨ ᠪᠦᠰᠡ ᠬᠤᠪᠢᠶᠠᠨ ᠪᠣᠯᠪᠠᠰᠤᠷᠠᠭᠤᠯᠬᠤ  ᠲᠥᠯᠥᠪᠯᠡᠭᠡ ᠶᠢ ᠳᠣᠭᠲᠠᠭᠠᠨ᠂ ᠵᠠᠩᠭᠢᠯᠠᠭ᠎ᠠ ᠶᠢᠨ ᠮᠡᠷᠭᠡᠵᠢᠯ ᠢ ᠪᠣᠳᠠᠲᠠᠶᠢᠵᠢᠭᠤᠯᠬᠤ ᠨᠤᠷᠮ᠎ᠠ ᠶᠢ ᠳᠡᠭᠡᠭᠰᠢᠯᠡᠭᠦᠯᠦᠨ᠎ᠡ᠃         ᠨᠢᠭᠡᠴᠢ ᠲᠠᠯᠠᠪᠠᠢ ᠶᠢᠨ ᠤᠨᠠᠯᠲᠠ ᠶᠢ ᠨᠡᠮᠡᠭᠳᠡᠭᠦᠯᠬᠦ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠮᠥᠨ᠃  ᠡᠨᠡ ᠵᠢᠯ ᠲᠠᠷᠢᠶᠠᠯᠠᠩ ᠬᠥᠳᠡᠭᠡ ᠲᠣᠰᠬᠤᠨ ᠤ ᠶᠠᠮᠤᠨ ᠨᠢ ᠡᠳ᠋ ᠤᠨ ᠵᠠᠰᠠᠭ ᠤᠨ ᠶᠠᠮᠤᠨ᠂ ᠤᠯᠤᠰ ᠤᠨ  ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ᠂ ᠠᠮᠤ ᠪᠤᠳᠠᠭᠠᠨ ᠤ ᠨᠢᠭᠡᠴᠢ ᠲᠠᠯᠠᠪᠠᠢ ᠶᠢᠨ  ᠤᠨᠠᠯᠲᠠ ᠶᠢ ᠨᠡᠮᠡᠭᠳᠡᠭᠦᠯᠬᠦ ᠢᠨᠵᠧᠨᠧᠷᠢᠩ᠂ ᠪᠣᠬᠢᠷᠲᠤᠯ ᠦᠭᠡᠢ ᠥᠨᠳᠥᠷ ᠤᠨᠠᠯᠲᠠ ᠲᠠᠢ ᠥᠨᠳᠥᠷ ᠪᠦᠲᠦᠮᠵᠢᠲᠡᠶ  ᠠᠵᠢᠯᠯᠠᠭ᠎ᠠ᠂ ᠠᠮᠤ ᠲᠣᠰᠣᠨ ᠤ ᠬᠡᠪᠴᠢᠶᠡᠲᠦ ᠲᠠᠷᠢᠮᠠᠯ ᠤᠨ ᠭᠤᠣᠯ ᠴᠣᠭᠴᠠ ᠶᠢᠨ ᠨᠢᠭᠡᠴᠢ ᠲᠠᠯᠠᠪᠠᠢ ᠶᠢᠨ  ᠤᠨᠠᠯᠲᠠ ᠶᠢ ᠨᠡᠮᠡᠭᠳᠡᠭᠦᠯᠬᠦ ᠠᠵᠢᠯᠯᠠᠭ᠎ᠠ ᠵᠡᠷᠭᠡ ᠶᠢᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂  ᠡᠯ᠎ᠡ ᠭᠠᠵᠠᠷ ᠤᠨ ᠨᠢᠭᠡᠴᠢ ᠲᠠᠯᠠᠪᠠᠢ ᠶᠢᠨ ᠤᠨᠠᠯᠲᠠ ᠪᠠᠨ ᠶᠡᠭᠡ ᠬᠡᠪᠴᠢᠶ᠎ᠡ ᠪᠠᠷ ᠨᠡᠮᠡᠭᠳᠡᠭᠦᠯᠬᠦ ᠶᠢ ᠨᠢ ᠳᠡᠮᠵᠢᠨ᠎ᠡ᠃  ᠡᠭᠦᠨ ᠤ ᠬᠠᠮᠲᠤ᠂ ᠲᠠᠷᠢᠶᠠᠯᠠᠩ ᠬᠥᠳᠡᠭᠡ ᠲᠣᠰᠬᠤᠨ ᠤ ᠰᠢᠰᠲ᠋ᠧᠮᠲᠦ ᠬᠦᠴᠦᠨ ᠢ ᠨᠡᠶᠢᠳᠬᠡᠵᠦ ᠶᠡᠭᠡ ᠬᠠᠮᠵᠢᠯᠴᠠᠭ᠎ᠠ᠂  ᠶᠡᠭᠡ ᠪᠡᠷᠬᠡ ᠰᠢᠢᠳᠪᠦᠷᠢᠯᠡᠯᠲᠡ ᠶᠢ ᠥᠷᠨᠢᠭᠦᠯᠦᠨ᠂ ᠡᠬᠢ ᠪᠠᠶᠠᠯᠢᠭ ᠪᠠ ᠬᠦᠴᠦᠨ ᠢᠶᠠᠨ ᠲᠥᠪᠯᠡᠷᠡᠭᠦᠯᠵᠦ ᠪᠠᠶᠢᠭᠠᠳ  ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠲᠠᠲᠠᠶᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠪᠣᠯᠣᠨ᠎ᠠ᠃    
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号