328 ᠬᠥᠮᠦᠨ ᠡᠯᠰᠡᠨ᠎ᠡ︕ ᠬᠥᠬᠡᠬᠤᠲᠠ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠶ᠎ᠠ ᠠᠵᠢᠯ  ᠦᠢᠯᠡᠰ ᠤᠨ ᠨᠢᠭᠡᠴᠡ ᠳᠤ 2024 ᠣᠨ ᠤ ᠬᠤᠶᠠᠳᠤᠭᠠᠷ ᠪᠦᠯᠦᠭ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠤᠬᠠᠢ ᠠᠯᠪᠠᠨ ᠵᠠᠷ ᠢ ᠨᠡᠶᠢᠲᠡᠯᠡᠪᠡ
ᠨᠡᠶᠢᠲᠡᠯᠡᠭᠰᠡᠨ ᠴᠠᠭ᠄
2024/6/11
      ︽ᠴᠢᠳᠠᠪᠤᠷᠢᠲᠠᠨ ᠢᠶᠠᠷ ᠰᠡᠳᠬᠢᠯ ᠢᠶᠠᠨ ᠬᠦᠴᠦᠷᠬᠡᠭᠵᠢᠭᠦᠯᠬᠦ︾ ᠠᠵᠢᠯᠯᠠᠭ᠎ᠠ ᠶᠢ ᠭᠦᠨᠵᠡᠭᠡᠶ ᠠᠬᠢᠭᠤᠯᠵᠤ᠂  ᠴᠢᠳᠠᠪᠤᠷᠢᠲᠠᠨ‌ᠤᠷᠢᠵᠤ ᠣᠶᠤᠨ ᠤᠬᠠᠭᠠᠨ ᠣᠷᠣᠭᠤᠯᠬᠤ ᠠᠵᠢᠯ ᠢ ᠤᠯᠠᠮ ᠰᠠᠶᠢᠲᠤᠷ  ᠬᠢᠬᠦ ᠶᠢᠨ  ᠲᠥᠯᠥᠭᠡ᠂  ᠬᠥᠬᠡᠬᠤᠲᠠ  ᠨᠢᠭᠡ  ᠪᠦᠯᠦᠭ ᠰᠢᠯᠢᠳᠡᠭ ᠴᠢᠳᠠᠪᠤᠷᠢᠲᠠᠨ ᠢ  ᠣᠷᠣᠭᠤᠯᠤᠨ  ᠠᠪᠴᠢᠷᠠᠵᠤ  ᠬᠥᠬᠡᠬᠤᠲᠠ ᠳᠤ  ᠦᠯᠡᠳᠡᠭᠡᠬᠦ ᠪᠠᠷ  ᠲᠥᠯᠥᠪᠯᠡᠵᠦ  ᠪᠣᠶ᠃  ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠃             ᠲᠣᠰ ᠤᠳᠠᠭ᠎ᠠ ᠨᠡᠶᠢᠲᠡ 328  ᠴᠢᠳᠠᠪᠤᠷᠢᠲᠠᠨ ᠢ  ᠣᠷᠣᠭᠤᠯᠤᠨ  ᠠᠪᠴᠢᠷᠠᠬᠤ ᠪᠠᠷ  ᠲᠥᠯᠥᠪᠯᠡᠵᠦ  ᠪᠤᠢ᠂  ᠨᠡᠷ᠎ᠡ ᠮᠡᠳᠡᠭᠦᠯᠬᠦ  ᠬᠥᠮᠦᠰ  ᠬᠥᠬᠡᠬᠤᠲᠠ ᠶᠢᠨ  ᠠᠵᠢᠯᠲᠠᠨ ᠤ  ᠶᠠᠪᠤᠳᠠᠯ ᠤᠨ  ᠰᠢᠯᠭᠠᠯᠲᠠ ᠶᠢᠨ  ᠮᠡᠳᠡᠭᠡ   ᠵᠠᠩᠭᠢ ᠶᠢᠨ   ᠰᠦᠯᠵᠢᠶ᠎ᠡ ︵ᠰᠦᠯᠵᠢᠶᠡᠨ ᠬᠠᠶ᠋ᠢᠭ᠄ http᠄ / / www . hhpta . org .  cn︶ ᠳᠤ  ᠭᠠᠷᠴᠤ  ᠠᠵᠢᠯ ᠤᠨ  ᠪᠠᠶᠢᠷᠢ ᠵᠢᠨ‌‍ᠬᠡᠷᠡᠭᠴᠡᠭᠡ ᠱᠠᠭᠠᠷᠳᠠᠯᠭ᠎ᠠ ᠶᠢᠨ ᠬᠦᠰᠦᠨᠦᠭᠲᠦ ︵ᠳᠠᠭᠠᠯᠳᠤᠭᠤᠯᠤᠯ 1︶ ᠵᠢᠴᠢ  ᠡᠯ᠎ᠡ  ᠴᠢᠳᠠᠪᠤᠷᠢᠲᠠᠨ  ᠣᠷᠣᠭᠤᠯᠤᠨ  ᠠᠪᠴᠢᠷᠠᠬᠤ ᠨᠢᠭᠡᠴᠡ ᠶᠢᠨ ᠠᠯᠪᠠᠨ ᠵᠠᠷ ︵ᠳᠠᠭᠠᠯᠳᠤᠭᠤᠯᠤᠯ 2︶ ᠢ ᠯᠠᠪᠯᠠᠵᠤ ᠪᠣᠯᠤᠨ᠎ᠠ᠃ ᠡᠯ᠎ᠡ  ᠠᠵᠢᠯ ᠤᠨ  ᠪᠠᠶᠢᠷᠢ ᠶᠢᠨ  ᠨᠡᠷ᠎ᠡ  ᠮᠡᠳᠡᠭᠦᠯᠬᠦ ᠨᠥᠬᠦᠴᠡᠯ ᠨᠢ ︽ᠠᠵᠢᠯ ᠤᠨ ᠪᠠᠶᠢᠷᠢ ᠶᠢᠨ ᠬᠡᠷᠡᠭᠴᠡᠭᠡ  ᠱᠠᠭᠠᠷᠳᠠᠯᠭ᠎ᠠ ᠶᠢᠨ  ᠬᠦᠰᠦᠨᠦᠭᠲᠦ︾ ᠳᠤ  ᠣᠨᠴᠠᠭᠠᠶ  ᠲᠣᠳᠣᠷᠬᠠᠶᠢᠯᠠᠯᠲᠠ ᠬᠢᠭᠰᠡᠨ ᠥᠬᠡᠶ ᠪᠣᠯ ᠴᠥᠮ ᠡᠯ᠎ᠡ ᠨᠢᠭᠡᠴᠡ ᠶᠢᠨ ᠠᠯᠪᠠᠨ ᠵᠠᠷ ᠤᠨ ᠱᠠᠭᠠᠷᠳᠠᠯᠭ᠎ᠠ ᠪᠠᠷ ᠪᠠᠷᠢᠮᠵᠢᠶ᠎ᠠ ᠪᠣᠯᠭᠠᠨ᠎ᠠ᠃ ᠠᠯᠪᠠᠨ  ᠵᠠᠷ ‍ᠤᠨ‌ᠵᠢᠭᠰᠠᠭᠠᠯᠲᠠ ᠨᠢ  ᠠᠵᠢᠯ ᠤᠨ  ᠪᠠᠶᠢᠷᠢ ᠶᠢᠨ  ᠬᠦᠰᠦᠨᠦᠭᠲᠦ ᠳᠠᠬᠢ  ᠨᠢᠭᠡᠴᠡ ᠶᠢᠨ  ᠵᠢᠭᠰᠠᠭᠠᠯᠲᠠ ᠲᠠᠢ ᠨᠢᠭᠡᠳᠦᠯᠲᠡᠶ   ᠶᠤᠮ᠂ ᠰᠢᠯᠭᠠᠭᠤᠯᠤᠭᠰᠠᠳ ᠨᠢ ᠬᠠᠷᠠᠭᠠᠯᠵᠠᠭᠰᠠᠨ ᠠᠵᠢᠯ ᠤᠨ ᠪᠠᠶᠢᠷᠢ ᠶᠢᠨ ᠬᠦᠰᠦᠨᠦᠭᠲᠦ ᠳᠠᠬᠢ  ᠳ᠋ᠤᠭᠠᠷ ᠢ  ᠦᠵᠡᠵᠦ᠂  ᠵᠣᠬᠢᠴᠠᠩᠭᠤᠶ ᠨᠢᠭᠡᠴᠡ ᠶᠢᠨ ᠠᠯᠪᠠᠨ ᠵᠠᠷ ᠢ ᠯᠠᠪᠯᠠᠨ ᠦᠵᠡᠭᠡᠷᠡᠶ᠃             ᠨᠡᠷ᠎ᠡ ᠮᠡᠳᠡᠭᠦᠯᠬᠦ ᠴᠠᠭ᠄ 2024 ᠣᠨ ᠤ 6 ᠰᠠᠷ᠎ᠠ ᠶᠢᠨ 17 ᠤ  ᠡᠳᠦᠷ ᠤᠨ  9  ᠴᠠᠭ ᠠᠴᠠ  6  ᠰᠠᠷ᠎ᠠ ᠶᠢᠨ26 ᠤ ᠡᠳᠦᠷ ᠤᠨ 17 ᠴᠠᠭ ᠪᠣᠯᠲᠠᠯ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号