ᠮᠡᠬᠡᠯᠡᠯ︕  ᠡᠶᠢᠮᠦ ︽ᠤᠯᠠᠭᠠᠨ ᠲᠦᠷᠦᠭᠦᠳᠦ ᠪᠢᠴᠢᠭ ᠮᠠᠲ᠋ᠧᠷᠢᠶᠠᠯ︾ ᠢ ᠰᠡᠷᠡᠮᠵᠢᠯᠡᠬᠦ ᠬᠡᠷᠡᠭᠲᠡᠶ
ᠨᠡᠶᠢᠲᠡᠯᠡᠭᠰᠡᠨ ᠴᠠᠭ᠄
2024/6/11
      ᠣᠶᠢᠷ᠎ᠠ ᠳᠤ ᠮᠠᠨ ᠤ  ᠤᠯᠤᠰ  1  ᠲᠦᠮᠡᠨ  ᠳ᠋ᠦᠩᠰᠢᠭᠤᠷ  ᠲᠥᠭᠦᠷᠢᠭ ᠤᠨ  ᠤᠯᠤᠰ ᠤᠨ  ᠣᠨᠴᠠᠭᠠᠶ  ᠵᠢᠭᠡᠯᠡᠯᠭᠡ ᠲᠠᠷᠬᠠᠭᠠᠪᠠ᠃ ᠵᠠᠷᠢᠮ ᠬᠠᠤᠯᠢ ᠪᠤᠰᠤ ᠡᠲᠡᠭᠡᠳ ᠡᠳ᠋ ᠤᠨ ᠵᠠᠰᠠᠭ ᠤᠨ ᠶᠠᠮᠤᠨ ᠤ ᠤᠯᠤᠰ ᠤᠨ  ᠵᠢᠭᠡᠯᠡᠯᠭᠡ  ᠲᠠᠯᠪᠢᠬᠤ  ᠨᠡᠷ᠎ᠡ ᠪᠠᠷ ᠬᠦᠮᠦᠰ ᠢ ᠮᠡᠭᠡᠯᠡᠵᠦ ᠪᠠᠶᠢᠬᠤ ᠪᠦᠭᠡᠳ ᠵᠠᠷᠢᠮ ᠬᠦᠮᠦᠰ ᠴᠤ ︽ᠤᠯᠠᠭᠠᠨ ᠲᠦᠷᠦᠭᠦᠲᠦ ᠪᠢᠴᠢᠭ ᠮᠠᠲ᠋ᠧᠷᠢᠶᠠᠯ︾ ᠢ ᠨᠢ  ᠣᠯᠤᠭᠰᠠᠨ‌‍ᠪᠠᠶᠢᠨ᠎ᠠ᠃             ᠲᠦᠮᠡᠨ ᠳ᠋ᠦᠩᠰᠢᠭᠤᠷ ᠲᠥᠭᠦᠷᠢᠭ ᠤᠨ ᠤᠯᠤᠰ ᠤᠨ  ᠵᠢᠭᠡᠯᠡᠯᠭᠡ  ᠲᠠᠯᠪᠢᠬᠤ ᠳᠤ  ᠵᠥᠪᠬᠡᠨ 28800 ᠲᠥᠭᠦᠷᠢᠭ ᠭᠠᠷᠭᠠᠪᠠᠯ 288 ᠲᠦᠮᠡᠨ ᠲᠥᠭᠦᠷᠢᠭ ᠤᠨ ᠵᠣᠭᠤᠰ ᠭᠠᠷᠭᠠᠵᠤ ᠠᠪᠬᠤ ᠪᠠᠷ ᠭᠤᠶᠤᠴᠢᠯᠠᠬᠤ ᠵᠠᠪᠰᠢᠶᠠᠨ ᠲᠠᠢ ᠭᠡᠨ᠎ᠡ ᠤᠤ︖             ᠵᠠᠷᠢᠮ ᠬᠥᠮᠦᠨ ᠡᠨᠡ ᠬᠦ ︽ᠤᠯᠤᠰ ᠤᠨ ᠵᠢᠭᠡᠯᠡᠯᠭᠡ ᠶᠢᠨ ᠮᠡᠳᠡᠭᠳᠡᠯ ᠤᠨ ᠪᠢᠴᠢᠭ︾ ᠪᠠ ︽ᠤᠯᠤᠰ ᠤᠨ ᠵᠢᠭᠡᠯᠡᠯᠭᠡ ᠵᠢᠨ‌‍ᠪᠡᠯᠡ ᠮᠥᠩᠭᠦ ᠶᠢ ᠬᠡᠷᠡᠭᠯᠡᠬᠦ ᠬᠡᠯᠡᠯᠴᠡᠭᠡᠷ ᠤᠨ ᠪᠢᠴᠢᠭ︾ ᠢ ᠲᠤᠬᠳᠤᠶᠢᠯᠠᠬᠰᠠᠨ ᠲᠦᠷᠭᠡᠨ ᠬᠦᠷᠭᠡᠯᠲᠡ ᠶᠢᠨ ᠮᠡᠳᠡᠭᠳᠡᠯ ᠤᠨ ᠪᠢᠴᠢᠭ ᠢ ᠤᠯᠤᠬᠰᠠᠨ ᠪᠦᠭᠡᠳ ᠲᠤᠬᠳᠤᠢ ᠲᠤᠳᠤᠷ᠎ᠠ ᠨᠢ ᠪᠠᠰᠠ  ︽ᠲᠤᠰ ᠤᠳᠠᠭᠠᠨ ᠤ ᠤᠯᠤᠰ ᠤᠨ ᠵᠢᠭᠡᠯᠡᠯᠭᠡ  ᠶᠢ  ᠲᠠᠯᠪᠢᠬᠤ  ᠳᠤ ᠬᠥᠮᠦᠨ ᠤ ᠬᠦᠴᠦᠨ ᠤ ᠡᠬᠢ ᠪᠠᠶᠠᠯᠢᠭ ᠤᠨ ᠶᠠᠮᠤᠨ ᠢᠶᠠᠷ ᠲᠠᠮᠵᠢᠭᠤᠯᠤᠨ  ᠬᠡᠰᠡᠭ  ᠬᠥᠮᠦᠰ ᠢ ᠰᠤᠩᠭᠤᠨ ᠠᠪᠴᠤ  ᠪᠢᠴᠢᠭ ᠮᠠᠲ᠋ᠧᠷᠢᠶᠠᠯ ᠢᠶᠠᠷ ᠠᠷᠠᠳ ᠣᠯᠠᠨ ᠳᠤ ᠮᠡᠳᠡᠭᠳᠡᠨ᠎ᠡ︾ ᠵᠡᠷᠭᠡ ᠮᠡᠳᠡᠭᠡ ᠵᠠᠩᠭᠢ ᠶᠢ ᠪᠢᠴᠢᠵᠦ ᠪᠠᠶᠢᠪᠠ᠃  ᠬᠡᠷᠪᠡ ᠲᠠ ᠦᠨᠡᠬᠡᠷ ᠮᠡᠳᠡᠭᠳᠡᠯ ᠤᠨ ᠪᠢᠴᠢᠭ ᠳᠣᠲᠣᠷᠠᠬᠢ ᠬᠤᠯᠪᠣᠭᠠᠰᠤ ᠪᠠᠷ ᠳᠠᠮᠵᠢᠨ ᠶᠠᠷᠢᠯᠴᠠᠭᠠᠨ ᠤ  ᠨᠢᠭᠤᠷ ᠲᠠᠯ᠎ᠠ ᠳᠤ  ᠤᠷᠤᠬᠤ  ᠳᠤ ᠬᠦᠷᠪᠡᠯ ᠨᠥᠭᠦᠭᠡ ᠡᠲᠡᠭᠡᠳ ᠨᠢ ᠴᠢᠮ᠎ᠠ ᠳᠤ ᠨᠢᠭᠡ  ︽ᠴᠢᠬᠤᠯᠠ  ᠮᠡᠳᠡᠭᠳᠡᠯ︾ ᠢ ᠬᠡᠯᠡᠵᠦ ᠥᠭᠭᠦᠨ᠎ᠡ᠂ ᠬᠢᠨᠠᠨ ᠬᠠᠷᠭᠤᠭᠤᠯᠤᠯᠲᠠ ᠶᠢ ᠥᠩᠭᠡᠷᠡᠭᠡᠭᠰᠡᠨ ᠤ ᠳᠠᠷᠠᠭ᠎ᠠ ᠬᠤᠪᠢ ᠬᠥᠮᠦᠨ ᠠᠷᠠᠳ ᠣᠯᠠᠨ  ᠳᠤ ᠲᠠᠯᠪᠢᠭᠰᠠᠨ ᠮᠥᠩᠭᠦ ᠶᠢ ᠠᠪᠬᠤ ᠳᠤ  1% ᠶᠢᠨ  ᠭᠠᠷ ‍ᠦ᠋ᠢᠡᠳᠬᠡᠯ ᠤᠨ ᠰᠦᠢᠳᠭᠡᠯ ᠲᠤᠰᠢᠶᠠᠬᠤ ᠬᠡᠷᠡᠭᠲᠡᠶ ᠭᠡᠵᠦ ᠬᠡᠯᠡᠨ᠎ᠡ᠃ ᠳᠠᠷᠠᠭ᠎ᠠ ᠨᠢ᠂ ᠨᠥᠭᠦᠭᠡ ᠡᠲᠡᠭᠡᠳ ᠨᠢ ᠲᠠᠰᠤᠷᠠᠯᠲᠠ ᠥᠬᠡᠶ ᠲᠠᠩᠰᠠᠨ ᠡᠷᠦᠬᠡ  ᠪᠠᠶᠢᠭᠤᠯᠤᠭᠰᠠᠨ ᠪᠠᠩᠬᠢ ᠪᠠᠷ  ᠳᠠᠮᠵᠢᠭᠤᠯᠤᠨ ᠪᠤᠷᠤᠭᠤ ᠲᠠᠭᠯᠠᠭᠰᠠᠨ᠂  ᠨᠢᠭᠤᠴᠠ ᠨᠣᠮᠧᠷ ᠴᠢᠨᠢ ᠪᠤᠷᠤᠭᠤᠳᠠᠭᠰᠠᠨ ᠠᠴᠠ ᠪᠣᠯᠵᠣ ᠲᠠᠩᠰᠠᠨ ᠨᠣᠮᠧᠷ ᠢ ᠴᠢᠨᠢ ᠴᠡᠪᠳᠡᠭᠰᠢᠭᠦᠯᠦᠭᠰᠡᠨ ᠪᠤᠯᠬᠤᠷ ᠴᠡᠪᠳᠡᠭᠰᠢᠭᠦᠯᠦᠯ ᠢ ᠲᠠᠶᠢᠯᠬᠤ ᠴᠢᠬᠤᠯᠠᠳᠠᠢ ᠭᠡᠵᠦ ᠰᠢᠯᠳᠠᠬᠯᠠᠨ ᠥᠳᠥᠭᠡᠵᠦ ᠪᠠᠶᠢᠭᠠᠳ ᠵᠤᠭᠤᠰ ᠢ ᠴᠢᠨᠢ ᠰᠢᠯᠵᠢᠬᠦᠯᠦᠨ ᠠᠪᠠᠴᠢᠳᠠᠭ︕
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号