ᠬᠡᠷᠬᠢᠨ ᠬᠦᠨᠳᠦ ᠡᠪᠡᠳᠴᠢᠨ ᠤ ᠳᠠᠭᠠᠳᠬᠠᠯ ᠢ ᠳᠠᠩᠰᠠ ᠠᠴᠠ ᠲᠠᠶᠢᠯᠬᠤ ᠪᠤᠢ︖
ᠨᠡᠶᠢᠲᠡᠯᠡᠭᠰᠡᠨ ᠴᠠᠭ᠄
2024/6/11
      ᠲᠦᠭ ᠲᠦᠮᠡᠨ ᠬᠡᠷ ᠪᠦᠯᠢ ᠶᠢ ᠬᠠᠪᠰᠤᠷᠤᠨ ᠡᠪᠡᠳᠴᠢᠨ ᠡᠮᠭᠡᠭ ᠤᠨ ᠡᠮᠴᠢᠯᠡᠭᠡᠨ ᠤ ᠰᠦᠢᠳᠭᠡᠯ  ᠤᠨ  ᠵᠠᠷᠤᠯᠭ᠎ᠠ ᠠᠴᠠ ᠪᠣᠯᠤᠭᠰᠠᠨ ᠠᠵᠤ ᠠᠬᠤᠶ ᠶᠢᠨ  ᠠᠶᠤᠯ  ᠲᠦᠭᠰᠢᠭᠦᠷᠢ ᠶᠢ  ᠠᠷᠭᠠᠴᠠᠬᠤ ᠶᠢᠨ  ᠲᠥᠯᠥᠭᠡ᠂  ᠤᠯᠤᠰ ᠠᠴᠠ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠳᠠ  ᠭᠡᠬᠦ  ᠭᠤᠷᠪᠠᠨ‌ᠵᠦ᠋ᠢᠯ ᠤᠨ ᠲᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠣᠯᠠᠨ ᠲᠦᠮᠡᠨ ᠤ ᠡᠮ ᠡᠮᠨᠡᠯᠭᠡ ᠶᠢᠨ ᠰᠦᠢᠳᠭᠡᠯ ᠤᠨ  ᠳᠠᠷᠤᠭᠠᠰᠤ ᠶᠢ  ᠱᠠᠲᠤ  ᠳᠠᠷᠠᠭᠠᠯᠠᠨ  ᠬᠥᠩᠭᠡᠷᠡᠭᠦᠯᠪᠡ᠃  ᠡᠭᠦᠨ ᠳᠤ᠂ ᠬᠤᠲᠠ  ᠬᠥᠳᠡᠭᠡ ᠵᠢᠨ‌‍ᠰᠠᠭᠤᠭᠠᠯᠢ ᠠᠷᠠᠳ ᠤᠨ ᠬᠦᠨᠳᠦ ᠡᠪᠡᠳᠴᠢᠨ ᠤ  ᠳᠠᠭᠠᠳᠬᠠᠯ  ︵ᠳᠣᠷᠣᠭᠰᠢ  ︽ᠬᠦᠨᠳᠦ  ᠡᠪᠡᠳᠴᠢᠨ ᠤ  ᠳᠠᠭᠠᠳᠬᠠᠯ︾  ᠭᠡᠵᠦ ᠲᠣᠪᠴᠢᠯᠠᠨ᠎ᠠ︶ ᠪᠣᠯ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠰᠠᠭᠤᠷᠢᠨ ᠳᠡᠭᠡᠷ᠎ᠡ᠂ ᠬᠦᠨᠳᠦ  ᠡᠪᠡᠳᠴᠢᠲᠡᠨ ᠤ ᠶᠡᠭᠡ ᠲᠣᠭᠠᠨ ᠤ ᠡᠮ ᠡᠮᠨᠡᠯᠭᠡ ᠶᠢᠨ ᠰᠦᠢᠳᠭᠡᠯ ᠤᠨ  ᠲᠦᠷᠢᠮ ᠤᠨ ᠲᠣᠬᠢᠷᠠᠭᠤᠯᠤᠯᠲᠠ ᠶᠢ  ᠤᠯᠠᠮ  ᠴᠢᠨᠠᠬᠰᠢᠳᠠ  ᠪᠠᠲᠤᠯᠠᠬᠤ‌‍ᠪᠣᠯᠤᠨ᠎ᠠ᠃             ᠬᠦᠨᠳᠦ ᠡᠪᠡᠳᠴᠢᠨ ᠤ ᠳᠠᠭᠠᠳᠬᠠᠯ ᠢ ᠶᠠᠭᠠᠬᠢᠵᠦ ᠭᠤᠶᠤᠴᠢᠯᠠᠬᠤ ᠪᠣᠶ᠂  ᠪᠠᠰᠠ ᠶᠠᠭᠠᠬᠢᠵᠦ  ᠰᠦᠢᠳᠭᠡᠯ  ᠲᠤᠰᠢᠶᠠᠬᠤ ᠪᠣᠶ︖         ᠲᠦᠷᠢᠮ ᠢ ᠲᠤᠬᠳᠠᠭᠠᠬᠰᠠᠨ ᠠᠴᠠ ᠡᠬᠢᠯᠡᠨ᠂ ᠬᠦᠨᠳᠦ ᠡᠪᠡᠳᠴᠢᠨ ᠤ  ᠳᠠᠭᠠᠳᠬᠠᠯ ᠤᠨ  ᠲᠦᠷᠢᠮ ᠢ   ᠲᠤᠰᠠᠭᠠᠷ ᠭᠤᠶᠤᠴᠢᠯᠠᠨ ᠳᠠᠭᠠᠳᠬᠠᠯ ᠳᠤ  ᠣᠷᠣᠬᠤ  ᠴᠢᠬᠤᠯᠠ  ᠥᠬᠡᠶ  ᠪᠣᠯᠵᠣ᠂  ᠪᠣᠶ ᠪᠥᠬᠦᠶ ᠰᠦᠢᠳᠭᠡᠯ  ᠢ ᠲᠤᠰᠢᠶᠠᠵᠦ  ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠣᠯᠠᠨ  ᠲᠦᠮᠡᠨ  ᠪᠤᠯ‌‍ᠴᠥ᠋ᠮ ᠬᠦᠨᠳᠦ ᠡᠪᠡᠳᠴᠢᠨ ᠤ ᠳᠠᠭᠠᠳᠬᠠᠯ ᠳᠤ ᠣᠷᠣᠯᠴᠠᠭᠰᠠᠨ ᠬᠦᠮᠦᠰ ᠪᠣᠯᠬᠤᠷ ᠲᠤᠰᠠᠭᠠᠷ ᠰᠦᠢᠳᠭᠡᠯ ᠲᠤᠰᠢᠶᠠᠬᠤ  ᠴᠢᠬᠤᠯᠠ ᠥᠬᠡᠶ ᠪᠣᠯᠵᠠᠶ᠃ ᠬᠦᠨᠳᠦ ᠡᠪᠡᠳᠴᠢᠨ ᠤ ᠳᠠᠭᠠᠳᠬᠠᠯ ᠤᠨ  ᠳᠦᠷᠢᠮ ᠢ 2012 ᠣᠨ ᠳᠤ ᠲᠤᠷᠰᠢᠯᠲᠠ ᠬᠢᠬᠦ ᠠᠵᠢᠯ  ᠢ ᠡᠭᠢᠯᠡᠬᠦᠯᠵᠦ᠂ 2015 ᠣᠨ ᠠᠴᠠ ᠡᠬᠢᠯᠡᠨ ᠪᠦᠬᠦ ᠲᠠᠯ᠎ᠠ ᠪᠠᠷ ᠬᠡᠷᠡᠭᠵᠢᠭᠦᠯᠵᠡᠢ᠃         ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠨᠢ ᠶᠠᠮᠠᠷᠰᠢᠦ ᠪᠤᠢ︖             ᠣᠳᠣᠬᠠᠨ ᠳᠤ᠂ ᠤᠯᠤᠰ ᠠᠴᠠ ᠲᠣᠭᠲᠠᠭᠠᠭᠰᠠᠨ  ᠬᠦᠨᠳᠦ  ᠡᠪᠡᠳᠴᠢᠨ ᠤ  ᠳᠠᠭᠠᠳᠬᠠᠯ ᠤᠨ  ᠡᠬᠢᠯᠡᠵᠦ  ᠲᠤᠰᠢᠶᠠᠬᠤ‌‍ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠰᠠᠭᠤᠭᠠᠯᠢ ᠠᠷᠠᠳ ᠤᠨ ᠲᠦᠷᠦᠭᠦᠦ  ᠵᠢᠯ ‍ᠤᠨ‌‍ᠬᠥ᠋ᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 50 % ᠠᠴᠠ ᠥᠨᠳᠥᠷ ᠪᠠᠶᠢᠯᠭᠠᠵᠤ ᠪᠣᠯᠬᠤ ᠥᠬᠡᠶ᠂ ᠲᠤᠰᠢᠶᠠᠬᠤ‌ᠬᠠᠷᠢᠴᠠᠯ ᠢ 60 % ᠠᠴᠠ ᠳᠤᠤᠷ᠎ᠠ ᠪᠠᠶᠢᠯᠭᠠᠵᠤ ᠪᠣᠯᠬᠤ ᠥᠬᠡᠶ︔ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠨᠢ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠲᠤᠰᠢᠶᠠᠬᠤ ᠬᠢᠵᠠᠭᠠᠷ ᠲᠤᠭ᠎ᠠ ᠶᠢ  ᠳᠠᠪᠬᠤᠴᠠᠭᠤᠯᠤᠨ  ᠨᠡᠮᠡᠭᠳᠡᠭᠦᠯᠵᠦ᠂ᠵᠠᠷᠴᠢᠮ  ᠳᠡᠭᠡᠷ᠎ᠡ ᠪᠠᠨ ᠲᠤᠬᠠᠶ ᠶᠢᠨ ᠭᠠᠵᠠᠷ ᠤᠨ  ᠰᠠᠭᠤᠭᠠᠯᠢ ᠠᠷᠠᠳ ᠤᠨ  ᠬᠥᠮᠦᠨ  ᠳᠤᠮᠳᠠᠴᠢ ᠶᠢᠨ  ᠡᠵᠡᠮᠳᠡᠵᠦ  ᠪᠣᠯᠬᠤ ᠣᠷᠣᠯᠭ᠎ᠠ ᠶᠢᠨ 6 ᠳᠠᠬᠢᠨ ᠣᠷᠴᠢᠮ  ᠬᠦᠷᠭᠡᠨ᠎ᠡ᠃ ᠬᠦᠴᠢᠷᠳᠡᠯᠲᠡᠶ  ᠬᠥᠮᠦᠰ ᠲᠤ ᠴᠢᠭᠯᠡᠭᠦᠯᠦᠨ᠂  ᠤᠯᠤᠰ ᠠᠴᠠ  ᠬᠦᠨᠳᠦ ᠡᠪᠡᠳᠴᠢᠨ ᠤ  ᠳᠠᠭᠠᠳᠬᠠᠯ ᠤᠨ ᠲᠠᠩᠰᠠ ᠲᠠᠶᠢᠯᠬᠤ  ᠲᠥᠷᠥ ᠶᠢᠨ  ᠪᠣᠳᠣᠯᠭ᠎ᠠ ᠶᠢᠨ  ᠪᠠᠶᠢᠷᠢᠯᠠᠭᠤᠯᠤᠯᠲᠠ ᠶᠢ  ᠦᠷᠭᠦᠯᠵᠢᠯᠡᠨ ᠲᠡᠭᠦᠯᠳᠡᠷᠵᠢᠭᠦᠯᠵᠦ᠂ ᠲᠦᠢᠯ ᠤᠨ  ᠣᠨᠣᠪᠴᠢᠲᠠᠶ ᠪᠠᠷ  ᠬᠠᠷᠠᠭᠠᠯᠵᠠᠯ  ᠦᠵᠡᠭᠦᠯᠦᠨ᠎ᠡ᠃  ᠠᠮᠢᠳᠤᠷᠠᠯ ᠤᠨ  ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠣᠨᠴᠠ ᠬᠦᠴᠢᠷᠳᠡᠯᠲᠡᠶ ᠬᠥᠮᠦᠰ ᠪᠠ ᠳᠠᠬᠢᠨ ᠶᠠᠳᠠᠭᠤᠷᠠᠭᠰᠠᠨ ᠶᠠᠳᠠᠭᠤ ᠬᠥᠮᠦᠨ ᠠᠮᠠ ᠶᠢᠨ  ᠬᠦᠨᠳᠦ‌ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠶᠢ 50 % ᠪᠠᠷ ᠪᠠᠭᠤᠷᠠᠭᠤᠯᠵᠤ᠂ ᠲᠤᠰᠢᠶᠠᠬᠤ ᠬᠠᠷᠢᠴᠠᠯ ᠢ 5ᠵᠠᠭᠤᠨ ᠤ ᠬᠤᠪᠢ ᠶᠢᠨ ᠴᠡᠭ ᠳᠡᠭᠡᠭᠰᠢᠯᠡᠭᠦᠯᠬᠦ ᠶᠢᠨ ᠵᠡᠷᠭᠡᠪᠡᠷ ᠬᠠᠮᠤᠭ ᠤᠨ ᠥᠨᠳᠥᠷ ᠲᠤᠰᠢᠶᠠᠬᠤ ᠬᠢᠵᠠᠭᠠᠷ ᠲᠤᠭ᠎ᠠ ᠶᠢ ᠬᠦᠴᠦᠨ‌ᠥᠬᠡᠶ ᠪᠣᠯᠭᠠᠨ᠎ᠠ᠃         ᠬᠦᠨᠳᠦ ᠡᠪᠡᠳᠴᠢᠨ ᠤ ᠳᠠᠭᠠᠳᠬᠠᠯ ᠢ ᠬᠡᠷᠬᠢᠨ ᠲᠠᠰᠤᠯᠤᠨ ᠪᠣᠳᠣᠬᠤ ᠪᠤᠢ︖        ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠤᠨ  ᠲᠣᠭᠲᠠᠭᠰᠠᠨ  ᠡᠮ  ᠡᠮᠨᠡᠯᠭᠡ ᠶᠢᠨ ᠪᠠᠶᠢᠭᠤᠯᠤᠮᠵᠢ ᠳᠤ ᠦᠵᠡᠬᠦᠯᠦᠭᠰᠡᠨ ᠡᠮ ᠡᠮᠨᠡᠯᠭᠡ ᠶᠢᠨ ᠰᠦᠢᠳᠭᠡᠯ ᠨᠢ ᠬᠦᠨᠳᠦ ᠡᠪᠡᠳᠴᠢᠨ ᠤ ᠳᠠᠭᠠᠳᠬᠠᠯ ᠤᠨ  ᠰᠦᠢᠳᠭᠡᠯ ‍ᠤᠨ‌‍ᠬᠡᠰᠡᠭ ᠲᠤ ᠣᠷᠣᠭᠰᠠᠨ ᠪᠠᠶᠢᠪᠠᠯ᠂ ︽ᠨᠢᠭᠡ ᠥᠷᠲᠡᠭᠡ ᠮᠠᠶ᠋ᠢᠭ︾ ᠤᠨ ᠲᠠᠰᠤᠯᠤᠨ ᠪᠤᠳᠤᠬᠤ ᠶᠢ ᠪᠡᠶᠡᠯᠡᠭᠦᠯᠦᠭᠰᠡᠨ ᠭᠠᠵᠠᠷ ᠣᠷᠣᠨ‌ᠨᠢ ᠲᠡᠷᠡ ᠲᠠᠷᠤᠢ ᠳᠤᠨᠢ ᠲᠠᠰᠤᠯᠤᠨ ᠪᠤᠳᠤᠵᠦ ᠦᠭᠭᠦᠨ᠂ ᠬᠠᠮᠢᠶ᠎ᠠ ᠪᠥᠬᠦᠶ ᠣᠯᠭᠤᠮᠵᠢ ᠶᠢ  ᠠᠶᠠᠨᠳᠠᠭᠠᠨ  ᠬᠦᠷᠳᠡᠭᠦ  ᠪᠤᠯᠤᠨ᠎ᠠ᠂ᠲᠤᠰᠬᠠᠶᠢᠯᠠᠨ ᠭᠤᠶᠤᠴᠢᠯᠠᠨ ᠮᠡᠳᠡᠭᠦᠯᠬᠦ ᠴᠢᠬᠤᠯᠠ ᠥᠬᠡᠶ᠃        ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠳᠤ ᠤᠷᠤᠯᠴᠠᠬᠰᠠᠨ ᠪᠤᠯ  ᠪᠠᠰᠠ‌‍ᠲ᠋ᠤᠰᠠᠭᠠᠷ ᠢᠶᠠᠨ ᠬᠤᠳᠠᠯᠳᠤᠭᠠᠨ ᠤ ᠳᠠᠭᠠᠳᠬᠠᠯ ᠠᠪᠬᠤ ᠴᠢᠬᠤᠯᠠ ᠲᠠᠢ ᠦᠦ︖         ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠢ  ᠲᠤᠬᠳᠠᠭᠠᠬᠰᠠᠨ  ᠡᠬᠢᠨ ᠤ  ᠦᠶ᠎ᠡ ᠳᠤ᠂  ᠡᠮ  ᠡᠮᠨᠡᠯᠭᠡ  ᠵᠢᠨ‌‍ᠲ᠋ᠠᠭᠠᠳᠬᠠᠯ ᠤᠨ ᠰᠠᠯᠠᠭ᠎ᠠ ᠮᠥᠴᠢᠷ ᠨᠢ ᠵᠠᠬ᠎ᠠ ᠳᠡᠯᠭᠡᠭᠦᠷ ᠤᠨ ᠣᠷᠣᠯᠴᠠᠬᠤ ᠶᠢ  ᠢᠮᠠᠭᠲᠠ  ᠵᠣᠷᠢᠭᠵᠢᠭᠤᠯᠵᠤ᠂  ᠬᠤᠳᠠᠯᠳᠤᠭᠠᠨ ‍ᠤ‌‍ᠲ᠋ᠠᠭᠠᠳᠬᠠᠯ ᠤᠨ ᠪᠠᠶᠢᠭᠤᠯᠤᠮᠵᠢ ᠶᠢᠨ ᠳᠠᠭᠠᠭᠠᠨ ᠡᠷᠭᠢᠯᠡᠬᠦ ᠶᠢ  ᠢᠳᠡᠪᠬᠢᠲᠡᠶ  ᠳᠡᠮᠵᠢᠵᠦ᠂  ᠡᠮ ᠡᠮᠨᠡᠯᠭᠡ  ᠶᠢᠨ  ᠳᠠᠭᠠᠳᠬᠠᠯ ‍ᠤᠨ‌ᠬᠤᠷᠰᠢᠶ᠎ᠠ ᠶᠢᠨ ᠬᠤᠳᠠᠯᠳᠤᠭᠠᠴᠢᠨ ᠬᠠᠮᠳᠤᠷᠠᠨ ᠠᠵᠢᠯᠯᠠᠬᠤ ᠰᠢᠨ᠎ᠡ ᠵᠠᠭᠪᠤᠷ ᠢ  ᠰᠢᠨ᠎ᠡ ᠪᠠᠷ ᠡᠭᠦᠳᠦᠨ ᠪᠠᠶᠢᠭᠤᠯᠵᠤ ᠪᠦᠷᠢᠨᠰᠢᠭᠦᠯᠪᠡ᠃ ᠣᠳᠣᠬᠠᠨ ᠳᠤ᠂ 90 % ᠠᠴᠠ ᠳᠡᠭᠡᠭᠰᠢᠬᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠢ ᠵᠠᠰᠠᠭ ‍ᠤᠨ‌ᠣᠷᠳᠣᠨ ᠦᠢᠯᠡᠴᠢᠯᠡᠭᠡ ᠶᠢ ᠬᠤᠳᠠᠯᠳᠤᠨ ᠠᠪᠬᠤ ᠠᠷᠭ᠎ᠠ  ᠮᠠᠶ᠋ᠢᠭ ᠢᠶᠠᠷ ᠳᠠᠮᠵᠢᠭᠤᠯᠤᠨ  ᠬᠤᠳᠠᠯᠳᠤᠭᠠᠨ ᠤ  ᠳᠠᠭᠠᠳᠬᠠᠯ ‍ᠤᠨ‌‍ᠺᠣᠮᠫᠠᠨᠢ ᠳᠤ ᠨᠠᠶᠢᠳᠠᠵᠤ ᠬᠦᠨᠳᠦ ᠡᠪᠡᠳᠴᠢᠨ ᠤ ᠳᠠᠭᠠᠳᠬᠠᠯ ᠤᠨ  ᠲᠤᠬᠠᠶᠢᠯᠠᠭᠰᠠᠨ  ᠠᠵᠢᠯ ᠢ  ᠳᠠᠭᠠᠭᠠᠨ ᠬᠢᠯᠭᠡᠵᠦ ᠪᠠᠶᠢᠨ᠎ᠠ᠃ ᠦᠨᠳᠦᠰᠦᠨ ᠡᠮ ᠡᠮᠨᠡᠯᠭᠡ ᠶᠢᠨ  ᠳᠠᠭᠠᠳᠬᠠᠯ  ᠪᠠ  ᠬᠦᠨᠳᠦ ᠡᠪᠡᠳᠴᠢᠨ ᠤ  ᠳᠠᠭᠠᠳᠬᠠᠯ ᠠᠴᠠ ᠭᠠᠳᠠᠨ᠎ᠠ᠂  ᠳᠠᠭᠠᠳᠬᠠᠯ ᠳᠤ ᠣᠷᠣᠯᠴᠠᠭᠰᠠᠳ ᠬᠤᠳᠠᠯᠳᠤᠭᠠᠨ ᠤ ᠳᠠᠭᠠᠳᠬᠠᠯ ᠨᠥᠬᠦᠪᠥᠷᠢᠯᠡᠬᠦ ᠴᠢᠬᠤᠯᠠᠲᠠᠶ ᠡᠰᠡᠬᠦ ᠶᠢ ᠬᠤᠪᠢ ᠬᠥᠮᠦᠨ ᠤ ᠬᠦᠰᠡᠯ ᠡᠷᠡᠮᠡᠯᠵᠡᠯ ᠪᠠ ᠳᠠᠭᠠᠭᠠᠬᠤ ᠴᠢᠳᠠᠪᠤᠷᠢ ᠠᠴᠠ ᠰᠢᠯᠳᠠᠭᠠᠯᠠᠬᠳᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号