ᠭᠠᠷᠠᠭ ᠤᠨ ᠬᠤᠶᠠᠷ ᠠᠴᠠ ᠳᠡᠯᠡᠬᠡᠢ ᠶᠢᠨ ᠲᠣᠰᠣᠨ ᠤ ᠦᠨ᠎ᠡ ᠦᠷᠭᠦᠯᠵᠢᠯᠡᠨ ᠪᠠᠭᠤᠷᠠᠬᠤ ᠬᠠᠨᠳᠤᠰᠢ ᠲᠠᠢ | ᠪᠤᠯᠪᠠ᠃ ᠨᠢᠭᠡ ᠲᠠᠯ᠎ᠠ ᠪᠠᠷ᠂ ᠣᠯᠠᠨ ︽ᠴᠢᠯᠠᠭᠤᠨ ᠲᠣᠰᠣ ᠭᠠᠳᠠᠭᠠᠳᠤ ᠳᠤ ᠭᠠᠷᠭᠠᠬᠤ ᠤᠯᠤᠰ ᠤᠨ ᠵᠣᠬᠢᠶᠠᠨ | ᠪᠠᠶᠢᠭᠤᠯᠤᠯᠲᠠ+︾ ︵OPEC︶ ᠶᠢᠨ ᠲᠣᠰᠣ ᠦᠢᠯᠡᠳᠪᠦᠷᠢᠯᠡᠬᠦ ᠤᠯᠤᠰ ᠤᠳ ᠨᠢ ᠡᠨᠡ ᠵᠢᠯ ᠤᠨ 10 | ᠰᠠᠷ᠎ᠠ ᠠᠴᠠ ᠡᠬᠢᠯᠡᠨ ᠰᠠᠶᠢᠨ ᠳᠤᠷ᠎ᠠ ᠠᠴᠠ ᠪᠠᠨ ᠭᠠᠷᠤᠯᠳᠠ ᠪᠠᠨ ᠪᠠᠭᠠᠰᠬᠠᠬᠤ ᠵᠦᠪᠳᠡᠯᠴᠡᠭᠡᠷ ᠠᠴᠠ ᠭᠠᠷᠬᠤ ᠪᠠᠷ | ᠢᠯᠡᠷᠬᠡᠶᠢᠯᠡᠵᠡᠶ᠃ ᠨᠥᠭᠦᠭᠡ ᠲᠠᠯ᠎ᠠ ᠪᠠᠷ᠂ ᠲᠤᠰ ᠭᠠᠷᠠᠭ ᠠᠴᠠ ᠨᠠᠭᠠᠰᠢᠬᠢ ᠦᠢᠯᠡᠳᠬᠦ ᠦᠢᠯᠡᠰ ᠪᠠ ᠠᠵᠢᠯ | ᠣᠯᠭᠤᠯᠲᠠ ᠶᠢᠨ ᠲᠤᠭ᠎ᠠ ᠪᠠᠷᠢᠮᠲᠠ ᠳᠤ ᠠᠮᠧᠷᠢᠺᠠ ᠶᠢᠨ ᠠᠵᠤ ᠠᠬᠤᠢ ᠮᠠᠭᠤᠲᠠᠵᠤ᠂ ᠪᠡᠯᠡ ᠣᠷᠣᠭᠤᠯᠤᠭᠴᠢᠳ ᠤᠨ | ᠠᠮᠧᠷᠢᠺᠠ ᠶᠢᠨ ᠴᠢᠯᠠᠭᠤᠨ ᠲᠣᠰᠣᠨ ᠤ ᠬᠡᠷᠡᠭᠴᠡᠭᠡ ᠱᠠᠭᠠᠷᠳᠠᠯᠭ᠎ᠠ ᠶᠢᠨ ᠲᠤᠬᠠᠢ ᠰᠠᠨᠠᠭ᠎ᠠ ᠵᠤᠪᠠᠯᠳᠠ ᠶᠡᠬᠡᠳᠡᠵᠦ᠂ | ᠲᠣᠰᠣᠨ ᠤ ᠦᠨ᠎ᠡ ᠭᠠᠷᠠᠭ ᠤᠨ ᠬᠤᠶᠠᠷ ᠠᠴᠠ ᠳᠠᠷᠤᠯᠲᠠ ᠶᠢ ᠬᠦᠯᠢᠶᠡᠵᠦ᠂ ᠣᠯᠠᠨ ᠤᠯᠤᠰ ᠤᠨ ᠲᠣᠰᠣᠨ ᠤ | ᠦᠨ᠎ᠡ ᠲᠠᠪᠤᠨ ᠠᠷᠠᠯᠵᠢᠶ᠎ᠠ ᠶᠢᠨ ᠡᠳᠦᠷ ᠲᠠᠷᠠᠭᠠᠯᠠᠨ ᠪᠠᠭᠤᠷᠠᠵᠤ ᠪᠠᠶᠢᠭ᠎ᠠ ᠶᠢ ᠭᠡᠷᠡᠴᠢᠯᠡᠵᠡᠢ᠃ ᠠᠷᠠᠯᠵᠢᠶ᠎ᠠ ᠬᠤᠷᠢᠶᠠᠬᠤ | ᠪᠣᠯᠲᠠᠯ᠎ᠠ᠂ ᠨᠢᠦ᠋ ᠶᠣᠷᠺ ᠤᠨ ᠲᠠᠸᠠᠷ ᠤᠨ ᠠᠷᠠᠯᠵᠢᠶᠠᠨ ᠤ ᠭᠠᠵᠠᠷ ᠤᠨ 7 ᠰᠠᠷ᠎ᠠ ᠳᠤ ᠪᠠᠷᠠᠭ᠎ᠠ ᠲᠤᠰᠢᠶᠠᠬᠤ ᠬᠥᠩᠭᠡᠨ | ᠴᠢᠨᠠᠷ ᠤᠨ ᠲᠦᠭᠦᠬᠡᠢ ᠴᠢᠯᠠᠭᠤᠨ ᠲᠣᠰᠣᠨ ᠤ ᠬᠤᠭᠤᠴᠠᠭᠠᠲᠤ ᠪᠠᠷᠠᠭᠠᠨ ᠤ ᠦᠨ᠎ᠡ ᠨᠢ ᠰᠠᠭᠤᠯᠭ᠎ᠠ ᠪᠦᠷᠢ ᠳᠡᠭᠡᠨ | 73.25 ᠳ᠋ᠣᠯᠯᠠᠷ ᠪᠠᠶᠢᠵᠦ᠂ ᠪᠠᠭᠤᠷᠠᠯᠲᠠ ᠶᠢᠨ ᠬᠡᠮᠵᠢᠶ᠎ᠡ ᠨᠢ 1.31% ᠳᠤ ᠬᠦᠷᠴᠡᠢ︔ 8 ᠰᠠᠷ᠎ᠠ ᠳᠤ ᠪᠠᠷᠠᠭ᠎ᠠ | ᠲᠤᠰᠢᠶᠠᠬᠤ ᠯᠣᠨᠳᠣᠨ ᠤ ᠪᠦᠯᠦᠨᠲ᠋ᠧ ᠤᠨ ᠲᠦᠭᠦᠬᠡᠢ ᠴᠢᠯᠠᠭᠤᠨ ᠲᠣᠰᠣᠨ ᠤ ᠬᠤᠭᠤᠴᠠᠭᠠᠲᠤ ᠪᠠᠷᠠᠭᠠᠨ ᠤ ᠦᠨ᠎ᠡ ᠨᠢ | ᠰᠠᠭᠤᠯᠭ᠎ᠠ ᠪᠦᠷᠢ ᠳᠡᠭᠡᠨ 77.52 ᠳ᠋ᠣᠯᠯᠠᠷ ᠪᠠᠶᠢᠵᠤ᠂ ᠪᠠᠭᠤᠷᠠᠯᠲᠠ ᠶᠢᠨ ᠬᠡᠮᠵᠢᠶ᠎ᠡ ᠨᠢ 1.07 % ᠬᠦᠷᠴᠡᠢ᠃ | 4 ᠤ ᠡᠳᠦᠷ ᠣᠯᠠᠨ ᠤᠯᠤᠰ ᠤᠨ ᠠᠯᠲᠠᠨ ᠤ ᠦᠨ᠎ᠡ ᠪᠠᠭᠤᠷᠠᠪᠠ᠂ ᠭᠠᠷᠠᠭ ᠤᠨ ᠨᠢᠭᠡᠨ ᠳᠤ 1% ᠪᠠᠷ | ᠦᠰᠦᠭᠰᠡᠨ ᠤ ᠳᠠᠷᠠᠭ᠎ᠠ᠂ ᠬᠡᠰᠡᠭ ᠪᠡᠯᠡ ᠣᠷᠣᠭᠤᠯᠤᠭᠴᠢᠳ ᠠᠰᠢᠭ ᠣᠯᠵᠤ᠂ ᠣᠯᠠᠨ ᠤᠯᠤᠰ ᠤᠨ ᠠᠯᠲᠠᠨ ᠤ ᠦᠨ᠎ᠡ | ᠭᠠᠷᠠᠭ ᠤᠨ ᠬᠤᠶᠠᠷ ᠲᠤ ᠲᠠᠬᠢᠨ ᠪᠠᠭᠤᠷᠠᠵᠠᠢ᠃ ᠠᠷᠠᠯᠵᠢᠶ᠎ᠠ ᠬᠤᠷᠢᠶᠠᠬᠤ ᠪᠣᠯᠲᠠᠯ᠎ᠠ᠂ ᠨᠢᠦ᠋ ᠶᠤᠷᠺ ᠤᠨ ᠲᠠᠸᠠᠷ ᠤᠨ | ᠠᠷᠠᠯᠵᠢᠶᠠᠨ ᠤ ᠭᠠᠵᠠᠷ ᠤᠨ 8ᠰᠠᠷ᠎ᠠ ᠶᠢᠨ ᠰᠢᠵᠢᠷ ᠠᠯᠲᠠᠨ ᠤ ᠬᠤᠭᠤᠴᠠᠭᠠᠲᠤ ᠪᠠᠷᠠᠭᠠᠨ ᠤ ᠦᠨ᠎ᠡ ᠤᠨᠼ | ᠪᠦᠷᠢ ᠳᠤ 2347.4 ᠳ᠋ᠣᠯᠯᠠᠷ ᠪᠠᠶᠢᠵᠤ᠂ ᠪᠠᠭᠤᠷᠠᠯᠲᠠ ᠶᠢᠨ ᠬᠡᠮᠵᠢᠶ᠎ᠡ ᠨᠢ 0.92% ᠬᠦᠷᠴᠡᠢ᠃ | |