ᠮᠤᠩᠭᠤᠯᠴᠤᠳ ᠡᠷᠳᠡ ᠲᠡᠭᠡᠳᠦ ᠠᠴᠠ ᠪᠠᠨ ᠠᠪᠤᠭᠠᠳ ᠦᠪᠡᠷ ᠢᠶᠠᠨ ᠤᠷᠠᠩᠬᠠᠢ᠂ ᠨᠦᠬᠦᠭᠡᠰᠦᠳᠡᠢ | ᠲᠡᠪᠡᠯ ᠡᠬᠡᠯᠳᠦᠷᠬᠡᠯᠡᠬᠦ ᠮᠦᠷᠳᠡᠯ᠎ᠡ ᠪᠠᠨ ᠬᠡᠷ ᠲᠡᠭᠡᠨ ᠪᠠᠶᠢᠬᠤ ᠨᠤᠮ ᠰᠤᠳᠤᠷ ᠢᠶᠠᠨ ᠲᠤᠷᠭ᠎ᠠ ᠬᠤᠷᠭᠤᠢ ᠪᠠᠷ | ᠪᠠᠷᠢᠨᠳᠠᠬᠯᠠᠨ ᠲᠡᠭᠡᠳᠦᠯᠡᠳᠡᠭ ᠰᠤᠳᠤᠷ ᠨᠤᠮ ᠤᠨ ᠦᠨᠳᠦᠷ ᠰᠤᠶᠤᠯ ᠲᠠᠢ ᠪᠢᠯᠡ᠃ ᠢᠨᠲ᠋ᠧᠷ ᠰᠦᠯᠵᠢᠶ᠎ᠡ᠂ ᠭᠠᠷ | ᠤᠳᠠᠰᠦ ᠦᠷᠭᠡᠨ ᠢᠶᠠᠷ ᠲᠦᠬᠡᠮᠡᠯᠵᠢᠭᠰᠡᠨᠡᠴᠠ ᠬᠤᠳᠠ ᠬᠦᠳᠡᠭᠡ ᠶᠢᠨ ᠬᠦᠭᠰᠢᠨ ᠵᠠᠯᠠᠭᠤ ᠬᠡᠰᠡᠨ ᠦᠬᠡᠢ ᠨᠤᠮ | ᠪᠢᠴᠢᠭ ᠠᠴᠠ ᠪᠠᠨ ᠵᠠᠶᠢᠳᠠᠬᠰᠠᠨ ᠦᠨᠦᠳᠦᠷ ᠨᠤᠮ ᠪᠢᠴᠢᠭ ᠢᠶᠠᠨ ᠲᠡᠭᠡᠳᠦᠯᠡᠵᠦ ᠬᠦᠨᠳᠦᠳᠬᠡᠵᠦ ᠶᠠᠪᠤᠭ᠎ᠠ ᠨᠢᠬᠡᠨ ᠪᠤᠯ | ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠤᠯᠠᠭᠠᠨᠮᠤᠳᠤ ᠰᠤᠮᠤ ᠶᠢᠨ | ᠦᠪᠦᠷᠵᠢᠯᠠᠭ᠎ᠠ ᠭᠠᠴᠠᠭᠠᠨ ᠤ ᠠᠬᠠᠮᠠᠳ ᠪᠠᠭᠰᠢ ᠪᠦᠬᠡᠪᠠᠶᠠᠷ ᠪᠤᠯᠤᠨ᠎ᠠ᠃ | ᠪᠦᠬᠡᠪᠡᠶᠠᠷ 1985 ᠤᠨ ᠳᠤ ᠤᠯᠠᠭᠠᠨᠮᠤᠳᠤ ᠪᠠᠭ᠎ᠠ ᠰᠤᠷᠭᠠᠭᠤᠯᠢ ᠳᠤ ᠠᠵᠢᠯ ᠤᠨ ᠭᠠᠷᠤᠭ᠎ᠠ ᠪᠠᠨ ᠠᠪᠴᠦ᠂ | ᠪᠠᠭᠰᠢᠵᠢᠨ ᠠᠵᠢᠯ ᠬᠢᠭᠡᠳ ᠨᠢᠬᠡᠨᠳᠡ ᠭᠤᠴᠢᠭᠠᠳ ᠵᠢᠯ ᠤᠨ ᠨᠢᠭᠤᠷ ᠢ ᠦᠵᠡᠵᠡᠢ᠃ ᠲᠡᠷᠡ ᠤᠤᠯ ᠠᠴᠠ ᠪᠠᠨ | ᠨᠤᠮ ᠪᠢᠴᠢᠭ ᠲᠤ ᠲᠤᠷᠠᠳᠠᠢ ᠪᠠᠭ᠋ᠠᠳᠠᠢ ᠪᠠᠶᠢᠳᠠᠭ ᠤᠨ ᠤᠴᠢᠷ ᠠᠴᠠ ᠨᠠᠰᠦᠨ ᠲᠤᠷᠰᠢᠳᠠ ᠪᠠᠨ | ᠰᠤᠷᠤᠯᠴᠠᠬᠤ ᠵᠤᠷᠢᠭ ᠢᠶᠠᠷ ᠤᠯᠠᠨ ᠨᠤᠮ ᠬᠤᠷᠠᠮᠳᠤᠭᠤᠯᠤᠨ ᠤᠩᠰᠢᠳᠠᠭ ᠪᠠᠶᠢᠵᠠᠢ᠃ ᠲᠡᠷᠡ 2010 ᠤᠨ ᠳᠤ | ᠲᠡᠷᠬᠡᠨ ᠡ᠊ᠨᠳᠡᠯ ᠠᠴᠠ ᠪᠤᠯᠵᠦ᠂ ᠬᠢᠴᠢᠶᠡᠯ ᠤᠨ ᠲᠠᠶᠢᠰᠠᠲ᠋ᠡᠭᠡᠷᠡ ᠬᠢᠴᠢᠶᠡᠯ ᠵᠢᠭᠠᠵᠦ ᠲᠠᠶᠢᠯᠬᠦ ᠪᠠᠨ ᠪᠤᠯᠢᠬᠰᠠᠨ ᠴᠤ | ᠪᠤᠰᠤᠳ ᠶᠠᠮᠠᠷ ᠨᠢᠬᠡ ᠠᠷᠭ᠎ᠠ ᠪᠠᠷ ᠰᠤᠷᠤᠬᠴᠢ᠂ ᠤᠯᠠᠨ ᠲᠦᠮᠡᠨ ᠵᠶ᠋ᠠᠨᠨᠤᠮ ᠪᠢᠴᠢᠭ ᠲᠠᠢ ᠤᠶᠢᠷᠠᠳᠤᠭᠤᠯᠬᠤ ᠪᠢᠯᠡ | ᠬᠡᠵᠦ ᠵᠦᠩᠳᠡᠬᠡᠨ ᠪᠤᠳᠤᠵᠦ᠂ ᠴᠢᠪ ᠤᠨ ᠰᠡᠬᠦᠯ ᠳᠤ ᠮᠠᠯᠵᠢᠬᠤ ᠤᠷᠤᠨ ᠤ ᠤᠯᠠᠨᠲ᠋ᠦ᠋ᠮᠡᠨ ᠳᠤ ᠨᠤᠮ ᠪᠢᠴᠢᠭ | ᠤᠩᠰᠢᠬᠤ ᠲᠡᠪᠴᠡᠩ ᠬᠠᠩᠭᠠᠵᠦ᠂ ᠨᠤᠮ ᠤᠨ ᠦᠷᠦᠬᠡ ᠪᠠᠶᠢᠭᠤᠯᠬᠤ ᠪᠠᠷ ᠵᠤᠷᠢᠭ ᠰᠢᠭᠤᠳᠴᠠᠢ᠃ | 2019 ᠤᠨ ᠤ 1 ᠰᠠᠷ᠎ᠠ ᠳᠤ᠂ ᠨᠡᠶᠢᠬᠡᠮ ᠤᠨ ᠡᠯ᠎ᠡ ᠡᠳᠡᠭᠡᠳ ᠤᠨ ᠬᠠᠯᠠᠭᠤᠨ ᠲᠡᠮᠵᠢᠯᠬᠡ ᠲᠤᠤᠷ᠎ᠠ᠂ | ᠪᠦᠬᠡᠪᠠᠶᠠᠷ ᠪᠠᠭᠰᠢ ᠬᠡᠷ ᠤᠨ ᠢᠶᠠᠨ ᠭᠠᠳᠠᠨ᠎ᠠ ᠪᠤᠰᠬᠠᠬᠰᠠᠨ ᠲᠤᠮᠤ ᠮᠤᠩᠭᠤᠯ ᠬᠡᠷ ᠲᠡᠭᠡᠨ ︽ᠬᠦᠬᠡ ᠤᠴᠢ ᠨᠤᠮ | ᠤᠨ ᠦᠷᠦᠬᠡ︾ ᠪᠠᠨᠵᠢᠩᠬᠢᠨᠢ ᠪᠠᠷ ᠪᠠᠶᠢᠭᠤᠯᠤᠬᠰᠠᠨ ᠪᠠᠶᠢᠨ᠎ᠠ᠃ ᠨᠤᠮ ᠤᠨ ᠦᠷᠦᠬᠡᠨ ᠳᠤ ᠲᠡᠬᠦᠨ ᠤ ᠤᠤᠯ ᠤᠨ | ᠬᠠᠳᠠᠭᠠᠯᠠᠵᠦ ᠴᠤᠬᠯᠠᠭᠤᠯᠤᠬᠰᠠᠨᠨᠤᠮ ᠠᠴᠠ ᠭᠠᠳᠠᠨ᠎ᠠ᠂ ᠦᠪᠦᠷ ᠮᠤᠩᠭᠤᠯ ᠤᠨ ᠨᠤᠮ ᠤᠨ ᠰᠠᠩ᠂ ᠠᠶᠢᠮᠠᠭ ᠤᠨ | ᠨᠤᠮ ᠤᠨ ᠰᠠᠩ᠂ ᠬᠤᠰᠢᠭᠤᠨ ᠤ ᠨᠤᠮ ᠤᠨᠰᠠᠩ᠂ ᠬᠠᠯᠠᠭᠤᠨ ᠰᠡᠳᠬᠢᠯᠳᠤ ᠮᠠᠯᠴᠢᠳ ᠪᠠ ᠤᠯᠠᠭᠠᠨᠮᠤᠳᠤ | ᠲᠤᠮᠳᠠᠳᠤ ᠰᠤᠷᠭᠠᠭᠤᠯᠢ᠂ ᠤᠯᠠᠭᠠᠨᠮᠤᠳᠤ ᠪᠠᠭ᠎ᠠ ᠰᠤᠷᠭᠠᠭᠤᠯᠢ ᠠᠴᠠ ᠬᠦᠷᠭᠡᠭᠰᠡᠨ ᠬᠢᠳᠡᠳ ᠮᠤᠩᠭᠤᠯ ᠡᠯ᠎ᠡ ᠲᠦᠷᠦᠯ | ᠤᠨ ᠨᠤᠮ 10000 ᠭᠠᠷᠦᠢ ᠲᠡᠪᠳᠡᠷ ᠪᠠᠶᠢᠨ᠎ᠠ᠃ ᠲᠤᠰ ᠨᠤᠮ ᠤᠨ ᠦᠷᠦᠬᠡ ᠵᠢᠯ ᠤᠨ ᠲᠦᠷᠪᠡᠨ ᠤᠯᠠᠷᠢᠯ ᠳᠤ | ᠡᠬᠦᠳᠡ ᠪᠠᠨ ᠨᠡᠬᠡᠬᠡᠵᠦ᠂ ᠮᠠᠯᠴᠢᠨ ᠲᠦᠮᠡᠨ ᠪᠠ ᠰᠤᠷᠤᠬᠴᠢᠳ ᠤᠨ ᠨᠤᠮ ᠪᠢᠴᠢᠭ ᠦᠵᠡᠬᠦ ᠶᠢ ᠲᠠᠮᠵᠢᠵᠦ ᠪᠠᠶᠢᠨ᠎ᠠ᠃ | ᠲᠤᠰ ᠨᠤᠮ ᠤᠨ ᠦᠷᠦᠬᠡ ᠪᠠᠶᠢᠭᠤᠯᠤᠬᠳᠠᠬᠰᠠᠨ ᠠᠴᠠ ᠨᠠᠭᠠᠰᠢ᠂ ᠪᠠᠭᠠᠴᠤᠳ ᠬᠡᠤᠬᠡᠳ ᠤᠨ ᠤᠷᠠᠨ | ᠤᠩᠰᠢᠯᠭ᠎ᠠ ᠶᠢᠨ ᠤᠷᠤᠯᠳᠤᠭᠠᠨ᠂ ᠤᠯᠠᠮᠵᠢᠯᠠᠯᠳᠤ ᠱᠠᠭ᠎ᠠ ᠨᠠᠭᠠᠳᠦᠮ ᠤᠨ ᠤᠷᠤᠯᠳᠤᠭᠠᠨ ᠵᠡᠷᠭᠡ ᠡᠯᠪᠡᠭ | ᠠᠭᠤᠯᠭ᠎ᠠ ᠲᠠᠢ ᠠᠵᠢᠯᠯᠠᠭ᠎ᠠ ᠡᠷᠬᠢᠯᠡᠵᠦ᠂ ᠤᠯᠠᠨ ᠲᠦᠮᠡᠨ ᠤ ᠰᠤᠶᠤᠯ ᠤᠨ ᠠᠮᠢᠳᠦᠷᠠᠯ ᠢ ᠶᠡᠬᠡᠪᠡᠷ | ᠪᠠᠶᠠᠯᠢᠬᠵᠢᠭᠤᠯᠵᠠᠢ᠃ ᠲᠤᠰ ᠨᠤᠮ ᠤᠨᠦᠷᠦᠬᠡ ᠨᠢ ᠦᠪᠦᠷ ᠮᠤᠩᠭᠤᠯ ᠤᠨ ᠨᠤᠮ ᠤᠨ ᠰᠠᠩ ᠤᠨ ᠬᠤᠪᠢᠶᠠᠷᠢ | ᠰᠠᠩ᠂ ᠬᠢᠩᠭᠠᠨ ᠠᠶᠢᠮᠠᠭ ᠤᠨ ᠨᠤᠮ ᠤᠨ ᠰᠠᠩ ᠤᠨᠤᠯᠠᠭᠠᠨᠮᠤᠳᠤ ᠲᠠᠯ᠎ᠠ ᠨᠤᠳᠤᠭ ᠤᠨ ᠮᠤᠩᠭᠤᠯ ᠬᠡᠷ ᠨᠤᠮ ᠤᠨ | ᠦᠷᠦᠬᠡ᠂ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠨᠤᠮ ᠤᠨ ᠰᠠᠩ ᠤᠨ ᠤᠯᠠᠭᠠᠨᠮᠤᠳᠤ ᠲᠠᠯ᠎ᠠ | ᠨᠤᠳᠤᠭ ᠤᠨ ᠦᠨᠳᠦᠰᠦᠨ ᠱᠠᠳᠦᠨ ᠳᠠᠬᠢ ᠦᠢᠯᠡᠴᠢᠯᠡᠬᠡᠨ ᠤ ᠭᠠᠵᠠᠷ᠂ ᠰᠢᠨ᠎ᠠ ᠴᠠᠭ ᠦᠶ᠎ᠡ ᠶᠢᠨ ᠪᠤᠯᠪᠠᠰᠦᠨ ᠤ | ᠦᠢᠯᠡᠳᠦᠯᠬᠡ ᠶᠢᠨ ᠰᠠᠶᠢᠨ ᠲᠤᠷ᠎ᠠ ᠶᠢᠨ ᠦᠢᠯᠡᠴᠢᠯᠡᠬᠡᠨ ᠤ ᠭᠠᠵᠠᠷ ᠪᠤᠯᠤᠬᠰᠠᠨ ᠪᠠᠶᠢᠨ᠎ᠠ᠃ | ᠡᠨᠡ ᠵᠢᠯ ᠠᠴᠠ ᠨᠠᠭᠠᠰᠢ᠂ ᠪᠦᠬᠡᠪᠠᠶᠠᠷ ᠪᠠᠭᠰᠢ ᠮᠠᠯᠴᠢᠨ ᠲᠦᠮᠡᠨ ᠤ ᠪᠤᠳᠠᠳᠤ ᠠᠮᠢᠳᠦᠷᠠᠯ ᠳᠤ ᠨᠡᠩ ᠶᠡᠭᠡ | ᠲᠤᠰᠠᠳᠠᠢ᠂ᠲᠤᠬᠠᠶᠢᠯᠠᠪᠠᠯ ᠪᠤᠳᠠ ᠪᠤᠭ ᠮᠠᠯ ᠠᠷᠠᠴᠢᠯᠠᠵᠦ ᠲᠡᠵᠢᠬᠡᠬᠦ ᠠᠷᠭ᠎ᠠ᠂ ᠦᠨᠳᠦᠷ ᠦᠷ᠎ᠡ ᠠᠰᠢᠬᠳᠠᠢ | ᠤᠷᠭᠤᠮᠠᠯ ᠲᠠᠷᠢᠵᠦ ᠤᠷᠭᠤᠭᠤᠯᠬᠤ᠂ ᠮᠠᠯ ᠪᠡᠯᠴᠢᠬᠡᠷ ᠤᠨ ᠲᠡᠩᠴᠡᠬᠦᠷᠢ ᠶᠢ ᠬᠡᠷᠬᠢᠨ ᠪᠠᠳᠦᠯᠠᠬᠤ ᠲᠤᠬᠠᠢ ᠨᠤᠮ | ᠲᠡᠪᠳᠡᠷ ᠢ ᠤᠷᠤᠭᠤᠯᠵᠦ ᠪᠠᠶᠢᠨ᠎ᠠ᠃ | ᠨᠤᠮ ᠪᠢᠴᠢᠭ ᠢ ᠲᠦᠬᠡᠬᠡᠨ ᠲᠡᠯᠬᠡᠷᠡᠬᠦᠯᠬᠦ ᠦᠢᠯᠡ ᠳᠤᠷ ᠨᠢᠬᠡᠨ ᠦᠵᠦᠬᠦᠷᠳᠤ ᠰᠡᠳᠬᠢᠯ ᠢᠶᠠᠷ ᠵᠢᠳᠬᠦᠭᠰᠡᠨ | ᠪᠦᠬᠡᠪᠠᠶᠠᠷ ᠪᠠᠭᠰᠢ ᠮᠠᠨᠢ ᠪᠤᠶᠠᠨ ᠬᠡᠰᠢᠭ ᠨᠢ ᠶᠡᠬᠡᠳᠡ ᠲᠡᠯᠬᠡᠷᠡᠵᠦ᠂ ᠪᠤᠷᠬᠠᠨ ᠤ ᠮᠡᠯᠮᠡᠢ ᠳᠤ ᠲᠤᠵᠢ ᠳᠠᠭᠠᠨ | ᠢᠪᠡᠭᠡᠭᠳᠡᠵᠦ ᠶᠠᠪᠤᠬᠤ ᠪᠤᠯᠳᠤᠭᠠᠢ︕ | ᠠᠯᠢᠪᠠ ᠦᠢᠯᠡ ᠶᠢ ᠰᠡᠳᠬᠢᠯ ᠬᠠᠷᠠᠮ ᠦᠬᠡᠢ᠂ ᠭᠠᠷ ᠲᠠᠳᠠᠯ ᠦᠬᠡᠢ ᠲᠡᠮᠵᠢᠵᠦ ᠢᠷᠡᠭᠰᠡᠨ ᠪᠦᠬᠦ ᠬᠦᠮᠦᠰ | ᠨᠤᠮ ᠤᠨᠴᠠᠭᠠᠨ ᠪᠤᠶᠠᠨ ᠳᠤ ᠢᠪᠡᠭᠡᠭᠳᠡᠵᠦ ᠶᠠᠪᠤᠬᠤ ᠪᠤᠯᠳᠤᠭᠠᠢ︕ | ᠨᠤᠮ ᠤᠨ ᠴᠠᠭᠠᠨ ᠪᠤᠶᠠᠨ ᠲᠡᠯᠬᠡᠷᠡᠳᠤᠬᠡᠢ︕ | ᠡᠬᠡ ᠪᠢᠴᠢᠭ ᠢ ᠬᠢᠩᠭᠠᠨ ᠤ ᠡᠳᠦᠷ ᠤᠨ ᠰᠤᠨᠢᠨ ᠤ ᠬᠤᠷᠢᠶ᠎ᠠ ᠶᠢᠨ ᠰᠤᠷᠪᠤᠯᠵᠢᠯᠠᠬᠴᠢ ᠡᠤ ᠰᠡᠷᠬᠦᠯᠡᠩ | ᠬᠠᠩᠭᠠᠪᠠ | |