ᠱᠢ ᠵᠥᠩ ᠴᠢᠨ ᠪᠥᠬᠦ ᠬᠤᠰᠢᠭᠤᠨ ᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/13
      6 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠱᠢ ᠵᠥᠩ ᠴᠢᠨ ᠪᠥᠬᠦ ᠬᠤᠰᠢᠭᠤᠨ ᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠤᠭᠤᠳᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠪᠠ ᠬᠤᠰᠢᠭᠤᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠤᠯᠪᠣᠭᠳᠠᠯ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠷᠥᠯ ᠵᠦᠢᠯ ᠢ ᠠᠬᠢᠭᠤᠯᠬᠤ ᠶᠠᠪᠤᠴᠠ ᠳᠠᠬᠢ ᠬᠦᠴᠢᠷ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠪᠥᠬᠦ ᠬᠤᠰᠢᠭᠤᠨ ᠤ ᠡᠯ᠎ᠡ ᠱᠠᠳᠣᠨ ᠤ ᠬᠢᠨ  ᠢ ᠢᠲᠡᠭᠡᠯ ᠢᠶᠠᠨ ᠪᠠᠲᠤᠳᠬᠠᠵᠤ᠂ ᠵᠣᠷᠢᠭ ᠵᠶ᠋ᠠᠨ‌‍ᠬᠥ᠋ᠪᠴᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠪᠠᠨ ᠲᠦᠷᠭᠡᠳᠬᠡᠵᠦ ᠦᠷ᠎ᠡ ᠪᠦᠲᠦᠮᠵᠢ ᠪᠠᠨ ᠳᠡᠭᠡᠭᠰᠢᠭᠦᠯᠥᠨ᠂ ᠳᠡᠭᠡᠷ᠎ᠡ ᠬᠠᠭᠠᠰ ᠵᠢᠯ ᠤᠨ ︽ᠬᠤᠤᠰ ᠬᠠᠭᠠᠰ ᠢ ᠳᠠᠪᠠᠭ᠋ᠤ︾ ᠬᠠᠷᠠᠯᠳᠠ ᠪᠠᠨ ᠪᠡᠶᠡᠯᠡᠭᠦᠯᠬᠦ ᠶᠢ ᠤᠷᠢᠶᠠᠯᠠᠭᠰᠠᠨ ᠪᠠᠶᠢᠨ᠎ᠠ᠃       ᠬᠤᠰᠢᠭᠤᠨ ᠤ ᠤᠳᠤᠷᠢᠳᠤᠯᠭ᠎ᠠ ᠳ᠋ᠦᠩ ᠺᠠᠶ᠂ ᠸᠠᠩ ᡁᠢ ᠶᠦᠩ᠂ ᠳ᠋ᠠᠩ ᠰᠢᠶᠤᠤ ᠬᠤᠩ᠂ ᠰᠦᠨ ᠿᠢ ᠴᠢᠩ ᠣᠷᠣᠯᠴᠠᠭᠰᠠᠨ ᠪᠥᠭᠡᠳ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ ᠶᠠᠷᠢᠶ᠎ᠠ ᠲᠠᠯᠪᠢᠪᠠ ᠃      ᠬᠤᠷᠠᠯ ᠠᠴᠠ ᠵᠢᠭᠠᠨ ᠭᠠᠷᠭᠠᠭᠰᠠᠨ ᠨᠢ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠨᠢᠭᠡ ᠭᠠᠵᠠᠷ ᠣᠷᠣᠨ ᠤ ᠠᠵᠤ ᠠᠬᠤᠢ ᠶᠢᠨ ᠨᠡᠮᠡᠭᠳᠡᠯ ᠤᠨ ᠭᠤᠣᠯ ᠲᠤᠯᠭᠠᠭᠤᠷᠢᠯᠠᠯ ᠪᠣᠯᠤᠨ᠎ᠠ᠃ ᠡᠨᠡ ᠵᠢᠯ ᠠᠴᠠ ᠨᠠᠰᠢ᠂ ᠪᠥᠬᠦ ᠬᠤᠰᠢᠭᠤᠨ ᠤ ᠡᠯ᠎ᠡ ᠱᠠᠳᠣᠨ ᠤ ᠬᠢᠨ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠨ᠂ ᠨᠡᠮᠡᠭᠳᠡᠯ ᠤᠨ ᠤᠬᠠᠮᠰᠠᠷ ᠢᠶᠠᠨ ᠴᠢᠩᠭᠠᠳᠬᠠᠵᠤ᠂ ᠪᠥᠬᠦ ᠬᠦᠴᠦᠨ ᠢᠶᠠᠷ ᠢᠶᠠᠨ ᠲᠥᠷᠥᠯ ᠵᠥᠢᠯ ᠢ ᠠᠳᠬᠤᠨ᠂ ᠬᠤᠳᠠᠯᠳᠤᠭᠠᠴᠢᠨ ᠤᠷᠢᠬᠤ ᠶᠢ ᠴᠢᠬᠤᠯᠠᠴᠢᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠢᠯᠡᠷᠡᠭᠰᠡᠨ ᠪᠣᠯᠪᠠᠴᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠶ ᠠᠳᠬᠤᠭᠰᠠᠨ ᠥᠬᠡᠶ᠂ ᠨᠢᠭᠡᠨᠲᠡ ᠠᠵᠢᠯ ᠡᠬᠢᠯᠡᠭᠦᠯᠦᠭᠰᠡᠨ ᠲᠥᠷᠥᠯ ᠵᠦᠢᠯ ᠤᠨ ᠠᠬᠢᠴᠠ ᠤᠳᠠᠭᠠᠨ᠂ ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ ᠢ ᠬᠥᠮᠥᠷᠭᠡ ᠰᠢᠰᠲ᠋ᠧᠮ ᠳᠤ ᠣᠷᠣᠭᠤᠯᠬᠤ ᠪᠠᠷ ᠬᠦᠷᠦᠯᠴᠡᠬᠦ ᠥᠬᠡᠶ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢ ᠪᠠᠷ ᠳᠣᠳᠠᠮᠠᠭ᠂ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠨᠠᠶᠢᠳᠠᠪᠤᠷᠢᠵᠢᠭᠤᠯᠬᠤ ᠳᠤ ᠵᠥᠷᠢᠶ᠎ᠡ ᠲᠠᠢ᠂ ᠲᠥᠷᠥᠯ ᠵᠥᠢᠯ ᠤᠨ ᠡᠯᠮᠧᠨ᠋ᠲ ᠤᠨ ᠬᠦᠴᠦᠨ‌ᠵᠦ᠋ᠢᠯ ᠤᠨ ᠪᠠᠲᠤᠯᠠᠭ᠎ᠠ ᠬᠦᠷᠦᠯᠴᠡᠬᠦ ᠥᠬᠡᠶ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠭ᠎ᠠ ᠤᠴᠢᠷ᠂ ᠪᠢᠳᠡ ᠡᠷᠬᠡᠪᠰᠢ ᠥᠷᠭᠦᠯᠵᠢᠯᠡᠨ ᠲᠥᠷᠥᠯ ᠵᠦᠢᠯ ᠢ ᠠᠳᠬᠤᠬᠤ ᠲᠦᠭᠰᠢᠭᠦᠷᠢᠲᠦ ᠰᠡᠳᠬᠢᠯᠭᠡ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠪᠣᠳᠣᠯ ᠢᠶᠠᠨ ᠪᠠᠳᠣᠳᠬᠠᠵᠤ᠂ ᠪᠥᠬᠦ ᠬᠦᠴᠦᠨ ᠢᠶᠠᠷ ᠢᠶᠠᠨ ᠠᠵᠤ ᠠᠬᠤᠶ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢᠶᠠᠨ ᠪᠥᠳᠥᠮᠵᠢ ᠭᠠᠷᠭᠠᠬᠤ ᠬᠡᠷᠡᠭᠳᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠲᠣᠬᠢᠷᠠᠭᠤᠯᠤᠯᠲᠠ ᠶᠢ ᠠᠳᠬᠤᠵᠤ᠂ ᠨᠡᠮᠡᠭᠳᠡᠯ ᠢ ᠠᠬᠢᠭᠤᠯᠤᠨ᠂ ︽ ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠡᠪᠳᠡᠷᠡᠯᠴᠡᠭᠡ ᠤᠶᠢᠯᠭᠠᠯᠳᠠ ᠪᠠᠨ ᠴᠢᠩᠭᠠᠳᠬᠠᠨ᠂ ︽ᠨᠢᠭᠡ ᠬᠦᠰᠦᠨᠦᠭᠲᠦ᠂ ᠨᠢᠭᠡ ᠲᠠᠩᠰᠠ᠂ ᠨᠢᠭᠡ ᠲᠤᠰᠬᠠᠢ ᠠᠩᠬᠢ︾ ᠶᠢᠨ ᠠᠵᠢᠯ ᠤᠨ ᠲᠣᠭᠲᠠᠴᠠ ᠶᠢ ᠰᠠᠶᠢᠲᠤᠷ ᠬᠡᠷᠡᠭᠯᠡᠵᠦ᠂ ᠦᠢᠯᠡᠳᠬᠦᠨ ᠤ ᠦᠷᠳᠡᠭ ᠪᠠᠭᠤᠷᠠᠭᠰᠠᠨ ᠪᠠ ᠠᠯᠳᠠᠭᠳᠠᠯ ᠲᠠᠢ ᠠᠵᠤ ᠠᠬᠤᠶᠢᠯᠠᠯ ᠳᠤ ᠠᠩᠬᠠᠷᠤᠯ ᠢᠶᠠᠨ ᠬᠠᠨᠳᠤᠭᠤᠯᠵᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠦᠢᠯᠡᠳᠪᠦᠷᠢᠯᠡᠯ ᠢ ᠨᠢ ᠲᠣᠭᠲᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ᠲᠦᠷᠦᠯ ᠵᠦᠢᠯ ᠢ ᠠᠳᠬᠤᠵᠤ᠂ ᠪᠡᠯᠡ ᠣᠷᠣᠭᠤᠯᠤᠯᠲᠠ ᠶᠢ ᠥᠷᠭᠡᠳᠬᠡᠵᠦ᠂ ᠪᠠᠷᠢᠯᠭ᠎ᠠ ᠶᠢᠨ ᠬᠤᠭᠤᠴᠠᠭ᠎ᠠ ᠶᠢ ᠪᠠᠶᠢᠷᠢᠯᠠᠭᠤᠯᠵᠤ᠂ ᠲᠦᠷᠦᠯ ᠵᠦᠢᠯ ᠤᠨ ᠭᠠᠷ ᠭᠦᠢᠴᠡᠳᠬᠡᠯ ᠢ ᠡᠳᠦᠷ ᠳᠠᠷᠠᠭᠠᠯᠠᠨ ᠠᠬᠢᠭᠤᠯᠵᠤ᠂ ᠨᠢᠭᠡᠨᠲᠡ ᠠᠵᠢᠯ ᠡᠬᠢᠯᠡᠭᠦᠯᠦᠭᠰᠡᠨ ᠲᠦᠷᠦᠯ ᠵᠦᠢᠯ ᠳᠤ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠬᠢᠵᠦ᠂ ᠨᠡᠩ ᠤᠯᠠᠨ ᠪᠡᠯᠡ ᠣᠷᠣᠭᠤᠯᠤᠯᠲᠠ ᠪᠠ ᠪᠣᠳᠠᠲᠤ ᠪᠣᠳᠠᠰ ᠢ ᠣᠷᠣᠭᠤᠯᠵᠤ ᠠᠵᠢᠯ ᠡᠬᠢᠯᠡᠭᠦᠯᠦᠭᠡᠳᠦᠶ ᠲᠥᠷᠥᠯ ᠵᠦᠢᠯ ᠢ ᠰᠤᠷᠪᠤᠯᠵᠢᠯᠠᠨ ᠪᠠᠶᠢᠴᠠᠭᠠᠵᠤ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠰᠢᠢᠳᠪᠦᠷᠢᠯᠡᠵᠦ᠂ ᠲᠦᠷᠦᠯ ᠵᠦᠢᠯ ᠢ ᠲᠦᠷᠭᠡᠨ ᠡᠬᠢᠯᠡᠭᠦᠯᠵᠥ ᠲᠦᠷᠭᠡᠨ ᠶᠠᠪᠤᠭᠳᠠᠭᠤᠯᠤᠨ᠂ ᠬᠥᠮᠥᠷᠭᠡᠯᠥᠨ ᠰᠢᠰᠲ᠋ᠧᠮᠵᠢᠭᠦᠯᠬᠦ  ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠠᠷᠠᠯᠵᠢᠶᠠᠴᠢᠨ ᠤᠷᠢᠬᠤ ᠶᠢ ᠠᠳᠬᠤᠵᠤ ᠂ ︽ᠬᠤᠣᠰ ᠬᠡᠯᠬᠢᠶ᠎ᠡ︾ ᠪᠠᠷ ᠠᠷᠠᠯᠵᠢᠶᠠᠴᠢᠨ ᠤᠷᠢᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠢᠳᠡᠪᠬᠢᠲᠡᠢ ᠪᠠᠷ ᠳᠡᠭᠡᠳᠥ ᠱᠠᠳᠣ ᠲᠠᠢ ᠬᠠᠷᠢᠯᠴᠠᠨ ᠭᠥᠢᠴᠡᠳᠬᠡᠵᠥ᠂᠂ ᠨᠡᠩ ᠤᠯᠠᠨ ᠲᠦᠷᠦ ᠶᠢᠨ ᠪᠤᠳᠤᠯᠭ᠎ᠠ᠂ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠪᠣᠯᠤᠨ ᠲᠦᠷᠦᠯ ᠵᠦᠢᠯ᠂ ᠪᠡᠯᠡ ᠮᠥᠩᠭᠦᠨ ᠤ ᠳᠡᠮᠵᠢᠯᠭᠡ ᠶᠢ ᠤᠯᠬᠤ ᠪᠠᠷ ᠴᠢᠷᠮᠠᠶᠢᠬᠤ ᠬᠡᠷᠡᠭᠲᠡᠢ᠃ ᠲᠦᠷᠪᠡ ᠳᠤ᠂ ᠪᠠᠲᠤᠯᠠᠭ᠎ᠠ ᠶᠢ ᠠᠳᠬᠤᠵᠤ᠂ ᠲᠦᠭᠵᠢᠷᠡᠯ ᠢ ᠨᠡᠪᠳᠡᠷᠡᠭᠦᠯᠤᠨ᠂ ᠨᠡᠭᠦᠷᠡᠰᠦᠲᠥ᠋ᠷᠥᠭᠴᠢ ᠦᠭᠡᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠢᠭᠠᠷᠤ ᠶᠢᠨ ᠬᠥᠮᠥᠷᠭᠡ᠂ ᠪᠣᠬᠢᠷ ᠤᠰᠤ ᠰᠢᠢᠳᠪᠦᠷᠢᠯᠡᠬᠦ᠂ ᠵᠠᠮ  ᠢ ᠰᠠᠶᠢᠵᠢᠷᠠᠭᠤᠯᠤᠨ ᠵᠠᠰᠠᠨ᠂ ᠠᠷᠢᠭᠤᠳᠬᠠᠵᠦ ᠭᠠᠷᠭᠠᠭᠰᠠᠨ ᠤᠰᠤ ᠶᠢ ᠲᠡᠬᠢᠨ ᠠᠰᠢᠭᠯᠠᠬᠤ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠥᠷᠭᠡᠳᠬᠡᠬᠦ᠂ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠢᠨ᠎ᠡ ᠪᠠᠷ ᠨᠡᠮᠡᠭᠳᠡᠭᠦᠯᠬᠦ ᠵᠡᠷᠭᠡ ᠠᠵᠢᠯ ᠢ ᠴᠢᠩᠭ᠎ᠠ ᠠᠩᠬᠠᠷᠴᠤ᠂ ᠮᠢᠩᠭᠠᠨ ᠳ᠋ᠦᠩᠰᠢᠭᠤᠷ ᠲᠥᠭᠦᠷᠢᠭ ᠤᠨ ᠲᠡᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠦᠳᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃      ᠬᠤᠷᠠᠯ ᠠᠴᠠ ᠪᠠᠰᠠ ︽ᠲᠠᠪᠤᠨ ᠠᠵᠤ ᠠᠬᠤᠢ ᠶᠢ ᠲᠦᠭᠡᠮᠡᠯᠵᠢᠭᠦᠯᠬᠦ︾᠂ ᠬᠢᠨᠠᠨ ᠪᠤᠳᠤᠯᠲᠠ ᠪᠠᠷ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢ ᠪᠠᠭᠤᠯᠭᠠᠵᠤ ᠬᠡᠷᠡᠭᠯᠡᠬᠦ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃  
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号