ᠱᠢ ᠵᠥᠩ ᠴᠢᠨ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/13
      6 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠱᠢ ᠵᠥᠩ ᠴᠢᠨ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠬᠤ ᠶᠢᠨ ᠬᠠᠮᠲᠤ ᠶᠠᠷᠢᠯᠴᠠᠬᠤ ᠬᠤᠷᠠᠯ ᠬᠢᠪᠠ᠃      ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ ᠶᠢᠨ ᠶᠡᠷᠦᠩᠬᠡᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠱᠢ ᠵᠥᠩ ᠴᠢᠨ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ ᠂ ᠵᠠᠮ ᠬᠠᠷᠢᠯᠴᠠᠭᠠᠨ ᠤ ᠰᠠᠯᠠᠭ᠎ᠠ ᠮᠥᠴᠢᠷ ᠤᠳ ᠬᠤᠰᠢᠭᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠵᠠᠮ ᠤᠨ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ᠂ ᠦᠢᠯᠡᠴᠢᠯᠡᠭᠡ ᠵᠡᠷᠭᠡ ᠡᠯ᠎ᠡ ᠵᠦᠢᠯ ᠤᠨ ᠠᠵᠢᠯ ᠢ ᠥᠨᠳᠥᠷ ᠪᠦᠲᠦᠮᠵᠢᠲᠡᠶ ᠪᠠᠷ ᠨᠢᠭᠡᠳᠦᠯᠲᠡᠶ ᠲᠥᠯᠥᠪᠯᠡᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ ᠳᠠᠷᠠᠭ᠎ᠠ ᠠᠯᠬᠤᠮ ᠳᠤ᠂ ᠥᠷᠭᠦᠯᠵᠢᠯᠡᠨ ᠴᠢᠷᠮᠠᠶᠢᠵᠤ᠂ ᠰᠢᠨ᠎ᠡ ᠨᠢᠭᠡ ᠡᠭᠡᠯᠵᠢ ᠶᠢᠨ ᠬᠥᠳᠡᠭᠡ ᠲᠣᠰᠬᠤᠨ ᠤ ᠵᠠᠰᠠᠮᠠᠯ ᠵᠠᠮ ᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠮᠠᠨ ᠤ ᠬᠤᠰᠢᠭᠤᠨ ᠤ ᠪᠥᠬᠦ ᠣᠷᠣᠨ ᠳᠤ ᠲᠡᠷᠢᠭᠦᠨ ᠪᠠᠶᠢᠷᠢᠨ ᠳᠤ ᠳᠡᠮᠡᠴᠡᠬᠦ᠂ ᠳᠡᠭᠡᠳᠥ ᠬᠡᠮᠵᠢᠶᠠᠨ ᠳᠤ ᠶᠠᠪᠤᠬᠤ ᠳᠤ ᠪᠠᠲᠤ ᠴᠢᠩᠭ᠎ᠠ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠬᠡᠷᠡᠭᠲᠡᠶ᠃      ᠱᠢ ᠵᠦᠩ ᠴᠢᠨ ᠴᠢᠬᠤᠯᠠᠴᠢᠯᠠᠭᠰᠠᠨ ᠨᠢ᠂ ᠵᠠᠮ ᠬᠠᠷᠢᠯᠴᠠᠭᠠᠨ ᠤ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠳᠥᠷᠭᠡᠳᠬᠡᠨ ᠭᠦᠢᠴᠡᠳᠬᠡᠵᠦ᠂ ᠲᠤᠰᠬᠠᠢ ᠬᠥᠮᠦᠨ ᠢᠶᠠᠷ ᠬᠠᠷᠢᠭᠤᠴᠠᠭᠤᠯᠵᠤ᠂ ᠨᠢᠭᠡ ᠨᠢᠭᠡ ᠪᠠᠷ ᠭᠥᠢᠴᠡᠳᠬᠡᠵᠥ᠂ ᠰᠢᠨ᠎ᠡ ᠠᠵᠢᠯ ᠢᠶᠠᠨ ᠲᠦᠷᠭᠡᠨ ᠡᠬᠢᠯᠡᠭᠦᠯᠵᠥ᠂ ᠦᠷᠭᠦᠯᠵᠢᠯᠡᠨ ᠪᠠᠶᠢᠭᠤᠯᠬᠤ ᠲᠦᠷᠦᠯ ᠵᠦᠢᠯ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠬᠡᠷᠡᠭᠲᠡᠢ᠃ ᠲᠤᠬᠠᠶ ᠶᠢᠨ ᠲᠠᠯᠠᠪᠤᠷ ᠤᠨ ᠲᠣᠬᠢᠷᠠᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠬᠤᠷᠳᠤᠴᠠ᠂ ᠪᠠᠷᠢᠯᠭ᠎ᠠ ᠶᠢᠨ ᠶᠠᠰᠤ ᠴᠢᠨᠠᠷ ᠪᠠ ᠪᠠᠷᠢᠯᠭ᠎ᠠ ᠶᠢᠨ ᠠᠮᠤᠷ ᠲᠦᠪᠰᠢᠨ ᠢ ᠰᠠᠶᠢᠲᠤᠷ ᠠᠳᠬᠤᠬᠤ ᠬᠡᠷᠡᠭᠲᠡᠶ᠃ ᠳᠡᠭᠡᠳᠦ ᠱᠠᠳᠤ ᠲᠠᠢ ᠨᠡᠪᠳᠡᠷᠡᠯᠴᠡᠭᠡ ᠤᠶᠢᠯᠭᠠᠯᠳᠠ ᠪᠠᠨ ᠴᠢᠩᠭᠠᠳᠬᠠᠵᠤ᠂ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠢ ᠣᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠡᠷᠡᠭᠴᠡᠭᠡ ᠶᠢ ᠪᠠᠲᠤᠯᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠨᠡᠶᠢᠳᠡᠮ ᠬᠠᠷᠠᠭᠠᠯᠵᠠᠬᠤ ᠶᠢ ᠪᠠᠷᠢᠮᠲᠠᠯᠠᠵᠤ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭᠵᠢᠭᠦᠯᠦᠯᠲᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠭᠦᠯᠵᠥ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠪᠠᠲᠤᠯᠠᠭ᠎ᠠ ᠪᠠ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠠᠵᠢᠯ ᠢ ᠬᠤᠯᠪᠣᠭᠠᠯᠠᠨ ᠰᠠᠶᠢᠲᠤᠷ ᠠᠳᠬᠤᠵᠤ᠂ ᠬᠤᠶᠠᠭᠤᠯᠠ ᠶᠢ ᠰᠠᠭᠠᠲᠠᠭᠠᠬᠤ ᠦᠭᠡᠢ ᠪᠠᠷ ᠬᠤᠶᠠᠭᠤᠯᠠ ᠶᠢ ᠴᠤᠭ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ᠃      ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠳ᠋ᠦᠩ ᠺᠠᠶ ᠵᠢᠴᠢ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠳᠡᠭᠡᠷᠡᠬᠢ ᠠᠵᠢᠯᠯᠠᠭ᠎ᠠ ᠳᠤ ᠣᠷᠣᠯᠴᠠᠵᠠᠶ᠃ 
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号