ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ29 ᠳ᠋ᠤᠭᠡᠷ ᠬᠤᠭᠤᠴᠠᠭᠠᠨ ᠤ ᠵᠠᠯᠠᠭᠤ ᠺᠠᠳᠠᠷᠴᠤᠳ ᠤᠨ ᠪᠤᠯᠪᠠᠰᠤᠷᠠᠯ ᠤᠨ ᠠᠩᠭᠢ ᠶᠢᠨ ᠲᠡᠭᠦᠰᠬᠦ ᠶᠤᠰᠤᠯᠠᠯ ᠲᠡᠭᠦᠰ ᠦᠨᠳᠦᠷᠯᠡᠯ᠎ᠡ
ᠨᠡᠶᠢᠲᠡᠯᠡᠭᠰᠡᠨ ᠴᠠᠭ᠄
2024/6/14
      2024 ᠤᠨ ᠤ6 ᠰᠠᠷ᠎ᠠ ᠶᠢᠨ12 ᠤᠨ ᠡᠳᠦᠷ ᠤᠨ ᠦᠳᠡ ᠶᠢᠨ ᠡᠮᠦᠨ᠎ᠡ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ29 ᠳ᠋ᠤᠭᠡᠷ ᠬᠤᠭᠤᠴᠠᠭᠠᠨ ᠤ ᠵᠠᠯᠠᠭᠤ ᠺᠠᠳᠠᠷᠴᠤᠳ ᠤᠨ ᠪᠤᠯᠪᠠᠰᠤᠷᠠᠯ ᠤᠨ ᠠᠩᠭᠢ ᠶᠢᠨ ᠰᠤᠷᠤᠯᠭ᠎ᠠ ᠲᠡᠭᠦᠰᠬᠦ ᠶᠤᠰᠤᠯᠠᠯ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ  ᠤᠨ ᠨᠢᠭᠡᠳᠦᠭᠡᠷ ᠲᠠᠪᠬᠤᠷᠭ᠎ᠠ ᠶᠢᠨ ᠲᠤᠭᠯᠠᠯᠳᠠ ᠶᠢᠨ ᠲᠢᠩᠭᠢᠮ ᠳᠤ ᠶᠠᠪᠤᠭᠳᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠵᠢᠴᠢ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠵᠤᠬᠢᠶᠠᠨ ᠪᠠᠶᠢᠭᠤᠯᠤᠭᠰᠠᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ29 ᠳ᠋ᠤᠭᠡᠷ ᠬᠤᠭᠤᠴᠠᠭᠠᠨ ᠤ ᠵᠠᠯᠠᠭᠤ ᠺᠠᠳᠠᠷᠴᠣᠳ ᠤᠨ ᠪᠤᠯᠪᠠᠰᠤᠷᠠᠯ ᠤᠨ ᠠᠩᠭᠢ ᠶᠢᠨ48 ᠰᠤᠷᠤᠭᠴᠢ ᠵᠧᠵᠢᠶᠠᠩ ᠶᠡᠭᠡ ᠰᠤᠷᠭᠠᠭᠤᠯᠢ ᠶᠢᠨ ᠬᠦᠷᠢᠶᠡᠨ ᠳᠤ ᠬᠦᠷᠴᠦ ᠤᠨᠤᠯ ᠤᠨ ᠮᠡᠳᠡᠯᠭᠡ ᠰᠤᠷᠤᠯᠴᠠᠵᠦ᠂ ᠦᠨᠳᠦᠰᠦᠨ ᠱᠠᠳᠤᠨ ᠳᠤ ᠬᠦᠷᠴᠦ ᠤᠯᠠᠨ ᠲᠦᠮᠡᠨ ᠤ ᠠᠮᠢᠳᠤᠷᠠᠯ ᠢ ᠤᠶᠢᠯᠠᠭᠠᠨ᠂ ᠨᠢᠭᠡ ᠰᠠᠷ᠎ᠠ ᠶᠢᠨ ᠬᠤᠭᠤᠴᠠᠭ᠎ᠠ ᠲᠠᠢ ᠪᠤᠯᠪᠠᠰᠤᠷᠠᠯ ᠨᠢ ᠤᠷᠤᠭᠰᠢᠳᠠᠢ ᠶᠠᠪᠤᠭᠳᠠᠵᠦ᠂ ᠠᠮᠵᠢᠯᠳᠠ ᠲᠠᠢ ᠰᠤᠷᠤᠯᠭ᠎ᠠ ᠲᠡᠭᠦᠰᠦᠭᠰᠡᠨ ᠪᠠᠶᠢᠨ᠎ᠠ᠃
微信图片_20240614085839.jpg
      ᠲᠤᠰ ᠣᠳᠠᠭᠠᠨ ᠤ ᠶᠤᠰᠤᠯᠠᠯ ᠤᠨ ᠬᠦᠳᠡᠯᠭᠡᠭᠡᠨ ᠨᠢ ᠵᠠᠯᠠᠭᠤ ᠺᠠᠳᠠᠷᠴᠣᠳ ᠤᠨ ᠪᠠᠶᠢᠴᠠᠭᠠᠨ ᠰᠤᠳᠤᠯᠤᠭᠰᠠᠨ ᠦᠷ᠎ᠡ ᠪᠦᠳᠦᠭᠡᠯ ᠤᠨ ᠦᠵᠡᠭᠦᠯᠦᠯᠭᠡ ᠪᠠ ᠣᠷᠠᠨ ᠰᠠᠶᠢᠬᠠᠨ ᠤ ᠲᠤᠭᠯᠠᠯᠳᠠ ᠶᠢ ᠰᠤᠯᠪᠢᠴᠠᠭᠤᠯᠤᠭᠰᠠᠨ ᠬᠡᠯᠪᠡᠷᠢ ᠪᠠᠷ ᠶᠠᠪᠤᠭᠳᠠᠭᠰᠠᠨ ᠪᠠᠶᠢᠨ᠎ᠠ᠃ ᠵᠠᠯᠠᠭᠤ ᠺᠠᠳᠠᠷᠴᠤᠳ ᠤᠨ ᠠᠩᠭᠢ ᠶᠢᠨ ᠲᠦᠯᠦᠭᠡᠯᠡᠭᠴᠢ ᠸᠠᠩ ᠶᠠ ᠨᠠᠨ ᠪᠤᠯᠪᠠᠰᠤᠷᠠᠯ ᠳᠤ ᠤᠷᠤᠯᠴᠠᠭᠰᠠᠨ ᠲᠦᠷᠦᠭᠳᠡᠯ ᠢᠶᠠᠨ ᠬᠤᠪᠢᠶᠠᠯᠴᠠᠵᠦ᠂ ᠵᠠᠯᠠᠭᠤ ᠺᠠᠳᠠᠷᠴᠣᠳ ᠤᠨ ᠲᠤᠭᠤᠶᠢᠯᠠᠩ ᠪᠦᠷᠢ ᠶᠢᠨ ᠲᠦᠯᠦᠭᠡᠯᠡᠭᠴᠢᠳ ᠲᠤᠰ ᠲᠤᠰ ︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢᠶᠠᠷ ᠭᠠᠷᠳᠠᠴᠠ ᠪᠤᠯᠭᠠᠵᠦ᠂ ᠮᠠᠨ ᠤ ᠬᠤᠰᠢᠭᠤᠨ ᠤ ᠨᠡᠭᠦᠷᠡᠰᠦᠳᠦᠷᠦᠭᠴᠢ ᠦᠭᠡᠢ ᠬᠦᠷᠢᠶᠡᠯᠡᠩ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠬᠤ ᠲᠤᠬᠠᠢ ᠰᠠᠨᠠᠭᠤᠯᠭ᠎ᠠ︾᠂ ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠤᠶᠤᠯ ᠵᠤᠭᠠᠴᠠᠯ  ᠤᠨ ᠠᠵᠦ ᠦᠢᠯᠡᠰ ᠤᠨ ᠠᠭᠤᠰᠤᠯᠴᠠᠯ ᠤᠨ ᠴᠢᠨᠠᠷ ᠰᠠᠶᠢᠳᠠᠢ ᠬᠦᠭᠵᠢᠯᠳᠡ ᠶᠢᠨ ᠠᠷᠭ᠎ᠠ ᠵᠠᠮ︾᠂ ︽ᠮᠠᠯᠵᠢᠬᠤ ᠲᠠᠷᠢᠶᠠᠯᠠᠬᠤ ᠤᠷᠤᠨ ᠤ ᠠᠵᠦ ᠦᠢᠯᠡᠰ ᠤᠨ ᠠᠭᠤᠰᠤᠯᠴᠠᠯ ᠤᠨ ᠴᠢᠨᠠᠷ ᠰᠠᠶᠢᠳᠠᠢ ᠬᠦᠭᠵᠢᠯᠳᠡ ᠶᠢᠨ ᠠᠷᠭ᠎ᠠ ᠵᠠᠮ︾᠂ ︽ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠳᠤ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤ ᠪᠠᠬᠢ ᠪᠤᠢ ᠪᠤᠯᠭᠠᠬᠤ ᠠᠷᠭ᠎ᠠ ᠵᠠᠮ ᠢ ᠬᠠᠶᠢᠨ ᠰᠢᠨᠵᠢᠯᠡᠬᠦ ᠨᠢ︾᠂ ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢᠨ ᠠᠷᠭ᠎ᠠ ᠵᠠᠮ ᠢ ᠬᠠᠶᠢᠨ ᠰᠦᠪᠡᠭᠴᠢᠯᠡᠬᠦ ᠨᠢ︾᠂ ︽ᠪᠤᠭᠤᠮᠳᠠ ᠶᠢᠨ ᠪᠦᠳᠦᠭᠡᠨ ᠪᠠᠶᠢᠭᠤᠯᠤᠳᠠ ᠶᠢ ᠴᠢᠩᠭᠠᠳᠬᠠᠵᠦ᠂ ᠤᠮᠠᠷᠠᠰᠢ ᠨᠡᠭᠡᠭᠡᠯᠳᠡ ᠬᠢᠬᠦ ᠴᠢᠬᠤᠯᠠ ᠪᠠᠬᠢᠯᠯᠡᠳᠡ ᠶᠢ ᠴᠢᠨᠠᠷ ᠰᠠᠶᠢᠳᠠᠢ ᠪᠦᠳᠦᠭᠡᠨ ᠪᠠᠶᠢᠭᠤᠯᠤᠬᠤ︾ ᠵᠡᠷᠭᠡ ᠪᠠᠶᠢᠴᠠᠭᠠᠨ ᠰᠤᠳᠤᠯᠤᠯᠳᠠ ᠶᠢᠨ ᠦᠷ᠎ᠡ ᠪᠦᠳᠦᠭᠡᠯ ᠤᠨ ᠬᠠᠷᠢᠭᠤ ᠮᠡᠳᠡᠭᠦᠯᠦᠯᠳᠡ ᠬᠢᠵᠦ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠦᠪᠯᠡᠷᠡᠭᠦᠯᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠴᠢᠨᠠᠷ ᠰᠠᠶᠢᠳᠠᠢ ᠬᠦᠭᠵᠢᠯᠳᠡ ᠳᠤ ᠵᠠᠯᠠᠭᠤ ᠦᠶ᠎ᠡ ᠶᠢᠨ ᠬᠦᠴᠦᠨ ᠴᠢᠳᠠᠯ ᠢᠶᠠᠨ ᠨᠡᠮᠡᠷᠢᠯᠡᠨ᠎ᠡ ᠭᠡᠵᠦ ᠢᠯᠡᠳᠭᠡᠵᠡᠢ᠃ ᠬᠦᠳᠡᠯᠭᠡᠭᠡᠨ ᠳᠤ ᠪᠠᠰᠠ ᠰᠢᠯᠢᠳᠡᠭ ᠰᠤᠷᠤᠭᠴᠢ ᠰᠢᠯᠢᠳᠡᠭ ᠠᠩᠭᠢ ᠶᠢᠨ ᠺᠠᠳᠠᠷ ᠢ ᠱᠠᠩᠨᠠᠨ ᠬᠦᠬᠢᠬᠦᠯᠵᠦ᠂ ᠪᠦᠬᠦ ᠰᠤᠷᠤᠭᠴᠢᠳ ᠲᠤ ᠲᠡᠭᠦᠰᠬᠦ ᠦᠨᠡᠮᠡᠯ ᠭᠠᠷᠳᠠᠭᠤᠯᠵᠠᠢ᠃      ᠵᠠᠯᠠᠭᠤᠴᠣᠳ ᠢᠳᠡᠭᠡᠯ ᠪᠢᠰᠢᠷᠡᠯ ᠲᠠᠢ ᠪᠤᠯ ᠦᠨᠳᠦᠰᠦᠳᠡᠨ ᠬᠦᠰᠡᠯ ᠡᠷᠡᠮᠡᠯᠵᠡᠯ ᠲᠠᠢ᠂ ᠤᠯᠤᠰ ᠤᠷᠤᠨ ᠬᠦᠴᠦᠨ ᠴᠢᠳᠠᠯ ᠲᠠᠢ᠃ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ29 ᠳ᠋ᠤᠭᠡᠷ ᠬᠤᠭᠤᠴᠠᠭᠠᠨ ᠤ ᠵᠠᠯᠠᠭᠤ ᠺᠠᠳᠠᠷᠴᠤᠳ ᠤᠨ ᠪᠤᠯᠪᠠᠰᠤᠷᠠᠯ ᠤᠨ ᠠᠩᠭᠢ ᠶᠢᠨ ᠪᠦᠬᠦ ᠰᠤᠷᠤᠭᠴᠢᠳ ᠤᠯᠤᠯᠳᠠ ᠲᠦᠭᠦᠷᠡᠩ ᠰᠤᠷᠤᠯᠭ᠎ᠠ ᠲᠡᠭᠦᠰᠦᠯ᠎ᠡ ᠂ ᠲᠡᠳᠡ ᠠᠵᠢᠯ ᠤᠨ ᠪᠠᠶᠢᠷᠢᠨ ᠲᠡᠭᠡᠷ᠎ᠡ ᠪᠠᠨ ᠬᠦᠨᠳᠦ ᠡᠭᠦᠷᠭᠡ ᠶᠢ ᠵᠤᠷᠢᠭᠳᠠᠢ ᠪᠠᠷ ᠡᠭᠦᠷᠭᠡᠭᠯᠡᠨ᠂ ᠵᠠᠯᠠᠭᠤ ᠨᠠᠰᠤᠨ ᠤ ᠭᠡᠷᠡᠯ ᠬᠢᠯᠪᠠᠭ᠎ᠠ ᠪᠠᠨ ᠰᠠᠴᠤᠷᠠᠭᠤᠯᠵᠦ᠂ ᠨᠡᠶᠢᠭᠡᠮ ᠵᠢᠷᠤᠮ ᠤᠨ ᠤᠳᠤᠬᠢᠴᠢᠯᠠᠯᠳᠠ ᠶᠢᠨ ᠰᠢᠨ᠎ᠡ ᠲᠠᠷᠬᠠᠨ ᠮᠤᠤᠮᠢᠩᠭᠠᠨ  ᠢ ᠪᠦᠳᠦᠭᠡᠨ ᠪᠠᠶᠢᠭᠤᠯᠬᠤ ᠳᠤ ᠦᠪᠡᠷ ᠤᠨ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠭᠦ ᠨᠢ ᠯᠠᠪᠳᠠᠢ︕
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号