︽ᠦᠨᠡᠮᠯᠡᠯ ᠠᠪᠬᠤ︾ ᠨᠢ ᠰᠢᠨ᠎ᠡ ᠬᠤᠪᠢᠷᠠᠯᠲᠠ ᠲᠠᠢ ᠪᠣᠯᠪᠠ
ᠨᠡᠶᠢᠲᠡᠯᠡᠭᠰᠡᠨ ᠴᠠᠭ᠄
2024/6/14
      6 ᠰᠠᠷ᠎ᠠ ᠶᠢᠨ 13 ᠤ ᠡᠳᠦᠷ᠂ ᠳᠣᠲᠣᠭᠠᠳᠤ ᠶᠢ ᠬᠠᠮᠠᠭᠠᠯᠠᠬᠤ ᠶᠠᠮᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠰᠤᠳᠤᠯᠤᠨ ᠨᠡᠶᠢᠳᠡᠯᠡᠭᠰᠡᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠥᠭᠡᠷᠡᠴᠢᠯᠡᠯᠲᠡ ᠶᠢᠨ ᠰᠢᠨ᠎ᠡ ᠠᠷᠭ᠎ᠠ  ᠶᠢᠨ ᠪᠠᠶᠢᠳᠠᠯ ᠢ ᠵᠠᠷᠯᠠᠪᠠ᠃      ᠡᠨᠡ ᠵᠢᠯ ᠤᠨ 7 ᠰᠠᠷ᠎ᠠ ᠶᠢᠨ 1 ᠤ ᠡᠳᠦᠷ ᠠᠴᠠ ᠡᠬᠢᠯᠡᠨ᠂ ᠵᠢᠯᠣᠭᠤᠴᠢ ᠶᠢᠨ ᠦᠨᠡᠮᠯᠡᠯ ᠳᠠᠭᠢᠵᠤ ᠰᠢᠨ᠎ᠡ ᠪᠠᠷ ᠭᠤᠶᠤᠴᠢᠯᠠᠨ ᠠᠪᠬᠤ ᠰᠢᠯᠭᠠᠯᠲᠠ ᠶᠢᠨ ᠬᠢᠴᠢᠶᠡᠯ ᠲᠥᠷᠥᠯ ᠢ ᠰᠢᠯᠢᠲᠡᠭᠵᠢᠬᠦᠯᠦᠨ᠎ᠡ᠃ ᠣᠲᠣ ᠶᠢᠨ ᠬᠡᠷᠡᠭᠵᠢᠭᠦᠯᠵᠦ ᠪᠠᠶᠢᠭ᠎ᠠ ᠲᠣᠭᠲᠠᠭᠠᠯ ᠢ ᠦᠨᠳᠦᠰᠦᠯᠡᠪᠡᠯ᠂ ᠵᠢᠵᠢᠭ ᠬᠡᠯᠪᠡᠷᠢ ᠶᠢᠨ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ   ᠢᠶᠠᠨ ᠰᠤᠯᠢᠬᠰᠠᠨ ᠦᠭᠡᠢ ᠭᠤᠷᠪᠠᠨ ᠵᠢᠯ ᠬᠡᠲᠦᠷᠡᠭᠰᠡᠨ ᠠᠴᠠ ᠪᠣᠯᠵᠤ ᠬᠦᠴᠦᠨ ᠦᠭᠡᠢ ᠪᠣᠯᠭᠠᠭᠰᠠᠨ ᠪᠠᠶᠢᠪᠠᠯ᠂ ᠬᠢᠴᠢᠶᠡᠯ ᠲᠥᠷᠥᠯ ᠤᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠪᠥᠬᠦ ᠬᠢᠴᠢᠶᠡᠯ ᠲᠥᠷᠥᠯ ᠤᠨ ᠰᠢᠯᠭᠠᠯᠲᠠ ᠳᠤ ᠣᠷᠣᠯᠴᠠᠭᠠᠳ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠵᠢᠯᠣᠭᠤᠴᠢ ᠶᠢᠨ ᠬᠢᠷᠢ ᠬᠡᠮ ᠢ ᠰᠡᠷᠭᠦᠭᠡᠵᠦ ᠪᠣᠯᠣᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号