2024 ᠣᠨ ᠤ ᠬᠠᠤᠯᠢ ᠶᠢᠨ ᠰᠢᠯᠭᠠᠯᠲᠠ ᠶᠢᠨ ᠪᠤᠰᠤᠳᠴᠢ ᠰᠡᠳᠦᠪ ᠤᠨ ᠰᠢᠯᠭᠠᠯᠲᠠ  6 ᠰᠠᠷ᠎ᠠ ᠶᠢᠨ 14 ᠤ ᠡᠳᠦᠷ ᠠᠴᠠ ᠡᠬᠢᠯᠡᠨ ᠰᠦᠯᠵᠢᠶᠡᠨ ᠳᠡᠭᠡᠷ᠎ᠡ ᠨᠡᠷ᠎ᠡ ᠮᠡᠳᠡᠬᠦᠯᠣᠨ᠎ᠡ
ᠨᠡᠶᠢᠲᠡᠯᠡᠭᠰᠡᠨ ᠴᠠᠭ᠄
2024/6/14
      ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 11 ᠤ ᠡᠳᠦᠷ ᠤᠨ ᠮᠡᠳᠡᠭᠡ  ︵ᠰᠤᠷᠪᠤᠯᠵᠢᠯᠠᠭᠴᠢ ᠴᠢ ᠴᠢ︶ ᠬᠠᠤᠯᠢ ᠴᠠᠭᠠᠵᠠ ᠶᠢᠨ ᠶᠠᠮᠤᠨ 11 ᠤ ᠡᠳᠦᠷ 2024 ᠣᠨ ᠤ ᠤᠯᠤᠰ ᠤᠨ ᠨᠢᠭᠡᠳᠦᠯᠲᠡᠢ ᠬᠠᠤᠯᠢ ᠴᠠᠭᠠᠵᠠ ᠶᠢᠨ  ᠠᠵᠢᠯ ᠮᠡᠷᠭᠡᠵᠢᠯ ᠤᠨ ᠬᠢᠷᠢ ᠬᠡᠮ ᠤᠨ  ᠰᠢᠯᠭᠠᠯᠲᠠ ᠶᠢᠨ ᠠᠯᠪᠠᠨ ᠵᠠᠷ ᠨᠡᠶᠢᠲᠡᠯᠡᠵᠦ᠂  ᠪᠤᠰᠤᠳᠴᠢ ᠰᠡᠳᠦᠪ ᠤᠨ ᠰᠢᠯᠭᠠᠯᠲᠠ ᠵᠢᠨ‌‍ᠰᠦ᠋ᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ ᠨᠢ 6 ᠰᠠᠷ᠎ᠠ ᠶᠢᠨ 14 ᠤ ᠡᠳᠦᠷ ᠠᠴᠠ  6 ᠰᠠᠷ᠎ᠠ ᠶᠢᠨ 30 ᠤ  ᠡᠳᠦᠷ᠂ ᠪᠤᠰᠤᠳᠴᠢ ᠰᠡᠳᠦᠪ ᠤᠨ ᠰᠢᠯᠭᠠᠯᠲᠠ ᠶᠢᠨ ᠴᠠᠭ ᠨᠢ 9 ᠰᠠᠷ᠎ᠠ ᠶᠢᠨ 21 ᠤ ᠡᠳᠦᠷ᠂ 22 ᠤᠨ ᠡᠳᠦᠷ᠂  ᠪᠡᠶᠡᠴᠢ ᠰᠡᠳᠦᠪ ᠤᠨ ᠰᠢᠯᠭᠠᠯᠲᠠ ᠶᠢᠨ ᠴᠠᠭ ᠨᠢ 10 ᠰᠠᠷ᠎ᠠ ᠶᠢᠨ 20 ᠤ ᠡᠳᠦᠷ ᠪᠣᠯᠣᠨ᠎ᠠ ᠭᠡᠵᠦ ᠲᠣᠳᠣᠷᠬᠠᠢ ᠲᠣᠭᠲᠠᠭᠠᠵᠠᠢ᠃              ᠠᠯᠪᠠᠨ ᠵᠠᠷ ᠢ ᠦᠨᠳᠦᠰᠦᠯᠡᠪᠡᠯ᠂ 2024 ᠣᠨ ᠤ ᠤᠯᠤᠰ ᠤᠨ ᠨᠢᠭᠡᠳᠦᠯᠲᠡᠢ  ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠪᠤᠰᠤᠳᠴᠢ ᠰᠡᠳᠦᠪ ᠤᠨ ᠰᠢᠯᠭᠠᠯᠲᠠ ᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠶᠢ ᠬᠡᠷᠡᠭᠵᠢᠭᠦᠯᠵᠦ᠂ ᠨᠡᠷ᠎ᠡ ᠮᠡᠳᠡᠭᠦᠯᠦᠭᠰᠡᠳ  ᠲᠣᠭᠲᠠᠭᠰᠠᠨ ᠬᠤᠭᠤᠴᠠᠭᠠᠨ ᠳᠤ ᠬᠠᠤᠯᠢ ᠴᠠᠭᠠᠵᠠ ᠶᠢᠨ ᠶᠠᠮᠤᠨ ᠤ ᠠᠯᠪᠠᠨ ᠰᠦᠯᠵᠢᠶ᠎ᠡ ᠳᠤ ᠣᠷᠣᠵᠤ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠱᠠᠭᠠᠷᠳᠠᠯᠭ᠎ᠠ᠂ ᠴᠤᠪᠤᠷᠠᠯ ᠵᠢᠴᠢ ᠠᠯᠬᠤᠮ ᠳᠠᠷᠠᠭ᠎ᠠ  ᠶᠣᠰᠣᠭᠠᠷ ᠬᠤᠪᠢ ᠬᠥᠮᠥᠨ ᠤ ᠮᠡᠳᠡᠭᠡ ᠵᠠᠩᠭᠢ ᠪᠠᠨ ᠲᠠᠭᠯᠠᠨ ᠮᠡᠳᠡᠭᠦᠯᠬᠦ ᠬᠡᠷᠡᠭᠲᠡᠢ᠃ ᠬᠤᠭᠤᠴᠠᠭ᠎ᠠ ᠨᠢ ᠥᠩᠭᠡᠷᠡᠪᠡᠯ ᠨᠥᠬᠦᠵᠦ ᠮᠡᠳᠡᠭᠦᠯᠬᠦ ᠦᠭᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号