ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠰᠤᠮᠤ ᠰᠢᠶᠠᠩ ᠪᠠᠯᠭᠠᠰᠤ ᠲᠠᠢ ᠬᠤᠯᠪᠣᠭᠠᠯᠠᠨ ᠪᠤᠰᠤᠳ ᠥᠪᠡᠷᠳᠡᠭᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠢ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/6/15
      6 ᠳ᠋ᠤᠭᠠᠷ ᠰᠠᠷ᠎ᠠ ᠶᠢᠨ 13 ᠤ ᠡᠳᠦᠷ᠂ ᠥᠪᠡᠷᠳᠡᠭᠡᠨ ᠪᠠᠷᠢᠭᠰᠠᠨ ᠬᠡᠷ ᠪᠠᠶᠢᠰᠢᠩ ᠢ ᠳᠣᠰᠠᠬᠠᠶᠢᠯᠠᠨ ᠴᠡᠭᠴᠡᠯᠡᠨ ᠵᠠᠰᠠᠬᠤ ᠶᠢ ᠠᠬᠢᠭᠤᠯᠬᠤ ᠬᠤᠷᠠᠯ ᠤᠨ ᠱᠠᠭᠠᠷᠳᠠᠯᠭ᠎ᠠ ᠶᠣᠰᠣᠭᠠᠷ᠂ 6 ᠳ᠋ᠤᠭᠠᠷ ᠰᠠᠷ᠎ᠠ ᠶᠢᠨ 14 ᠤ ᠡᠳᠦᠷ ᠠᠴᠠ ᠡᠬᠢᠯᠡᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠠᠲᠤᠬᠠᠭᠠᠯᠭ᠎ᠠ ᠪᠠᠯᠭᠠᠰᠤ ᠵᠡᠷᠭᠡ 12 ᠰᠤᠮᠤ ᠰᠢᠶᠠᠩ ᠪᠠᠯᠭᠠᠰᠤ ᠲᠠᠢ ᠬᠤᠯᠪᠣᠭᠠᠯᠠᠨ ᠬᠥᠳᠡᠯᠦᠯᠴᠡᠵᠦ᠂  ᠮᠠᠯ ᠤᠨᠤᠭ᠎ᠠ ᠶᠢᠨ ᠬᠡᠷ ᠪᠠᠶᠢᠰᠢᠩ᠂ ᠬᠥᠮᠥᠷᠭᠡ ᠪᠠ ᠬᠠᠶᠠᠭᠳᠠᠮᠠᠯ ᠬᠡᠷ ᠪᠠᠶᠢᠰᠢᠩ ᠤᠨ ᠠᠮᠤᠷ ᠲᠦᠪᠰᠢᠨ ᠢ ᠦᠨᠡᠯᠡᠨ ᠲᠣᠭᠲᠠᠭᠠᠬᠤ ᠠᠵᠢᠯ ᠢ ᠥᠷᠨᠢᠭᠦᠯᠪᠡ᠃      ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠬᠠᠷᠢᠶ᠎ᠠ  ᠣᠷᠣᠨ ᠤ ᠵᠠᠰᠠᠭ ᠤᠨ ᠣᠷᠳᠣᠨ ᠤ ᠠᠵᠢᠯᠲᠠᠳ  ᠲᠠᠢ ᠬᠠᠮᠳᠣᠷᠠᠨ ᠲᠤᠬᠠᠶ ᠶᠢᠨ ᠲᠠᠯᠠᠪᠠᠶ ᠳᠤ ᠰᠢᠰᠲ᠋ᠧᠮ ᠤᠨ ᠵᠢᠷᠤᠭ ᠲᠣᠯᠪᠤ ᠶᠢᠨ ᠪᠠᠶᠢᠷᠢ ᠲᠣᠭᠲᠠᠭᠠᠯᠲᠠ ᠶᠢ ᠬᠠᠷᠭᠤᠭᠤᠯᠤᠭᠰᠠᠨ ᠰᠠᠭᠤᠷᠢᠨ ᠳᠡᠭᠡᠷ᠎ᠡ᠂ ᠬᠠᠮᠢᠶ᠎ᠠ ᠪᠥᠬᠦᠢ ᠲᠠᠯ᠎ᠠ ᠲᠠᠢ ᠢᠳᠡᠪᠬᠢᠲᠡᠶ ᠪᠠᠷ ᠵᠣᠯᠭᠠᠭᠤᠯᠵᠤ᠂ ᠣᠶᠢᠷ᠎ᠠ ᠬᠠᠪᠢ ᠶᠢᠨ ᠬᠤᠰᠢᠭᠤ ᠰᠢᠶᠠᠨ ᠲᠣᠭᠤᠷᠢᠭ ᠲᠤ ᠳᠠᠷᠤᠤ ᠬᠢᠴᠢᠶᠡᠩᠭᠦᠶ ᠪᠠᠷ ᠵᠢᠭᠠᠯᠭᠠᠨ᠂ ᠲᠤᠷᠰᠢᠯᠭ᠎ᠠ ᠪᠠᠨ ᠳ᠋ᠦᠩᠨᠡᠵᠦ ᠂ ᠲᠤᠰᠬᠠᠶ ᠮᠡᠷᠭᠡᠯᠵᠢᠳᠡᠳ ᠬᠡᠷ ᠪᠠᠶᠢᠰᠢᠩ ᠤᠨ ᠪᠦᠲᠦᠴᠡ᠂ ᠪᠠᠷᠢᠯᠭ᠎ᠠ ᠶᠢᠨ ᠲᠠᠯᠠᠪᠠᠶ᠂ ᠪᠥᠲᠥᠭᠡᠨ ᠪᠠᠶᠢᠭᠤᠯᠤᠭᠰᠠᠨ ᠴᠠᠭ ᠬᠤᠭᠤᠴᠠᠭ᠎ᠠ ᠂ ᠬᠡᠷᠡᠮ ᠬᠠᠨ᠎ᠠ᠂ ᠲᠤᠯᠭᠠᠭᠤᠷᠢ ᠨᠢᠷᠤᠭᠤ᠂ ᠭᠡᠷ ᠤᠨ ᠣᠷᠣᠢ᠂  ᠡᠭᠦᠳᠡ ᠴᠣᠩᠬᠤ᠂ ᠪᠠᠷᠢᠯᠭ᠎ᠠ ᠶᠢᠨ ᠶᠠᠰᠤ ᠴᠢᠨᠠᠷ ᠵᠡᠷᠭᠡ ᠲᠠᠯ᠎ᠠ ᠶᠢᠨ ᠠᠮᠤᠷ ᠲᠦᠪᠰᠢᠨ ᠤ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ ᠲᠥᠷᠥᠯ ᠬᠤᠪᠢᠶᠠᠨ ᠦᠨᠡᠯᠡᠨ ᠲᠣᠭᠲᠠᠭᠠᠵᠤ᠂ ᠡᠯ᠎ᠡ ᠵᠦᠢᠯ ᠤᠨ ᠪᠠᠶᠢᠳᠠᠯ ᠢ ᠶᠡᠷᠦᠩᠬᠡᠶᠢᠯᠡᠨ ᠦᠨᠡᠯᠡᠨ ᠲᠣᠭᠲᠠᠭᠠᠵᠤ᠂ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠭᠠᠷᠭᠠᠵᠤ᠂ ᠬᠠᠷᠢᠶ᠎ᠠ ᠣᠷᠣᠨ ᠢ ᠬᠠᠪᠰᠤᠷᠤᠨ ᠮᠠᠭᠠᠳᠯᠠᠨ ᠲᠣᠭᠲᠠᠭᠠᠭᠰᠠᠨ ᠮᠠᠲ᠋ᠧᠷᠢᠶᠠᠯ ᠢ ᠡᠮᠬᠢᠯᠡᠵᠦ᠂ ᠮᠠᠭᠠᠳᠯᠠᠨ ᠲᠣᠭᠲᠠᠭᠠᠭᠰᠠᠨ ᠮᠡᠳᠡᠭᠦᠯᠦᠯᠲᠡ ᠶᠢ ᠳᠡᠭᠡᠭᠰᠢ ᠳᠠᠮᠵᠢᠭᠤᠯᠪᠠ᠃      ᠣᠳᠣᠬᠠᠨ ᠪᠣᠯᠲᠠᠯ᠎ᠠ᠂ 12 ᠰᠤᠮᠤ ᠰᠢᠶᠠᠩ ᠪᠠᠯᠭᠠᠰᠤ ᠶᠢᠨ 351 ᠡᠷᠦᠬᠡ ᠤᠨ ᠦᠨᠡᠯᠡᠬᠦ ᠠᠵᠢᠯ ᠢ ᠨᠢᠭᠡᠨᠲᠡ ᠪᠦᠬᠦᠨ ᠢ ᠪᠡᠶᠡᠯᠡᠭᠦᠯᠪᠡ᠃ ᠡᠭᠦᠨ ᠤ ᠬᠠᠮᠲᠤ᠂ ᠪᠤᠭᠤᠲᠤ ᠬᠤᠲᠠ ᠶᠢᠨ ᠸᠧᠶ ᠾᠧᠩ ᠪᠠᠶᠢᠴᠠᠭᠠᠨ ᠰᠢᠯᠭᠠᠬᠤ ᠬᠢᠵᠠᠭᠠᠷᠲᠤ ᠺᠣᠮᠫᠠᠨᠢ ᠶᠢᠨ ᠥᠷᠨᠢᠭᠦᠯᠦᠭᠰᠡᠨ 268 ᠡᠷᠦᠬᠡ ᠶᠢᠨ ᠣᠷᠣᠨ ᠰᠠᠭᠤᠴᠠ ᠶᠢᠨ ᠬᠢᠨᠠᠨ ᠲᠣᠭᠲᠠᠭᠠᠬᠤ ᠠᠵᠢᠯ ᠢ ᠴᠦ ᠵᠡᠷᠭᠡ ᠪᠠᠷ ᠳᠠᠭᠤᠰᠬᠠᠪᠠ᠃      ᠲᠠᠷᠠᠭᠠᠴᠢ ᠶᠢᠨ ᠠᠯᠬᠤᠮ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠸᠧᠶ ᠾᠧᠩ ᠪᠠᠶᠢᠴᠠᠭᠠᠨ ᠰᠢᠯᠭᠠᠬᠤ ᠺᠣᠮᠫᠠᠨᠢ ᠶᠢ ᠢᠳᠡᠪᠬᠢᠲᠡᠶ ᠬᠠᠮᠳᠣᠷᠠᠨ ᠵᠣᠬᠢᠴᠠᠭᠤᠯᠵᠤ᠂ ᠬᠢᠨᠠᠨ ᠲᠣᠭᠲᠠᠭᠠᠭᠰᠠᠨ ᠮᠡᠳᠡᠭᠦᠯᠦᠯᠲᠡ ᠭᠠᠷᠭᠠᠵᠤ᠂ ᠰᠤᠮᠤ ᠰᠢᠶᠠᠩ ᠪᠠᠯᠭᠠᠰᠤ ᠶᠢ ᠵᠢᠯᠣᠭᠤᠳᠤᠨ᠂ ᠬᠢᠨᠠᠨ ᠲᠣᠭᠲᠠᠭᠠᠭᠰᠠᠨ ᠮᠡᠳᠡᠭᠦᠯᠦᠯᠲᠡ ᠶᠢ ᠳᠡᠭᠡᠭᠰᠢ ᠳᠠᠮᠵᠢᠭᠤᠯᠬᠤ ᠠᠵᠢᠯ ᠢ ᠰᠠᠶᠢᠲᠤᠷ ᠬᠢᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号