ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ ᠳᠣᠯᠣᠳᠣᠭᠠᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/15
      6 ᠰᠠᠷ᠎ᠠ ᠶᠢᠨ 13 ᠤ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠳᠣᠯᠣᠳᠣᠭᠠᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠳ᠋ᠠᠩ ᠰᠢᠶᠤᠤ ᠬᠤᠩ ᠰᠤᠷᠤᠯᠴᠠᠯᠭ᠎ᠠ ᠶᠢᠨ ᠬᠤᠷᠠᠯ ᠢ ᠡᠷᠭᠢᠯᠡᠪᠡ᠃      ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠭᠤᠸᠠᠩ ᠬᠤᠸᠠ ᠪᠥᠸᠧ ᠰᠧ ᠲᠧ ᠡᠵᠡᠩᠨᠡᠨ ᠪᠣᠷᠣᠯᠠᠭᠤᠯᠬᠤ ᠵᠥᠪᠯᠡᠯᠭᠡ ᠥᠭᠬᠦ ᠪᠠᠶᠢᠭᠤᠯᠤᠮᠵᠢ ᠶᠢᠨ ᠶᠡᠷᠦᠩᠬᠡᠶ ᠵᠠᠬᠢᠷᠤᠯ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠲᠤᠰᠬᠠᠶ ᠮᠡᠷᠭᠡᠵᠢᠯᠲᠡᠨ ᠤ ᠵᠥᠪᠯᠡᠯ ᠤᠨ ᠲᠤᠰᠬᠠᠶ ᠮᠡᠷᠭᠡᠵᠢᠯᠲᠡᠨ ᠭᠡᠰᠢᠭᠦᠨ ᠬᠠᠨ ᡁᠢ ᠾᠦᠢ ᠳ᠋ᠣᠺᠲ᠋ᠣᠷ ︽ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠶ᠎ᠠ ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠲᠠᠰ ᠳᠡᠪᠰᠢᠬᠦ ᠪᠠ ᠥᠨᠳᠥᠷ ᠥᠷᠲᠡᠭᠲᠦ ᠨᠠᠷᠠᠲᠤ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠶ᠎ᠠ︾ ᠭᠡᠬᠦ ᠰᠡᠳᠦᠪ ᠢᠶᠠᠷ ᠲᠠᠷᠢᠶᠠᠯᠠᠩ ᠤᠨ ᠠᠵᠤ ᠦᠢᠯᠡᠰ ᠤᠨ ᠲᠠᠰ ᠳᠡᠪᠰᠢᠬᠦ ᠪᠠᠶᠢᠯᠳᠤᠬᠤ ᠪᠣᠳᠣᠯᠭ᠎ᠠ ᠶᠢᠨ ᠵᠠᠭᠪᠤᠷ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠂ ᠥᠨᠳᠥᠷ ᠥᠷᠲᠡᠭᠲᠦ ᠨᠠᠷᠠᠲᠤ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ᠂ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠪᠣᠶ ᠪᠣᠯᠭᠠᠬᠤ ᠵᠡᠷᠭᠡ ᠲᠠᠯ᠎ᠠ ᠠᠴᠠ ᠨᠠᠷᠠᠲᠤ ᠲᠥᠷᠥᠯ ᠲᠡᠮᠳᠡᠭᠲᠦ ᠶᠢᠨ ᠦᠨ᠎ᠡ ᠥᠷᠲᠡᠭ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠴᠢᠬᠤᠯᠠ ᠴᠢᠨᠠᠷ ᠪᠠ ᠭᠤᠤᠯᠯᠠᠬᠤ ᠠᠷᠭ᠎ᠠ ᠵᠡᠷᠭᠡ ᠠᠭᠤᠯᠭ᠎ᠠ ᠶᠢ ᠭᠦᠨᠵᠡᠭᠡᠶ ᠲᠣᠳᠣᠷᠬᠠᠶᠢᠯᠠᠨ ᠥᠭᠦᠯᠡᠭᠰᠡᠨ ᠪᠥᠭᠡᠳ ᠨᠡᠶᠢᠲᠡᠯᠢᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠬᠤᠷᠠᠯ ᠳᠤ ᠣᠷᠣᠯᠴᠠᠭᠰᠠᠳ ᠤᠨ ᠬᠠᠷᠠᠭ᠎ᠠ ᠶᠢ ᠥᠷᠭᠡᠳᠬᠡᠵᠦ᠂ ᠲᠠᠨᠢᠯᠲᠠ ᠶᠢ ᠳᠡᠭᠡᠭᠰᠢᠯᠡᠭᠦᠯᠪᠡ᠃ ᠪᠦᠬᠦ᠋ᠢᠯᠡ ᠲᠠᠶᠢᠯᠤᠮᠵᠢ ᠨᠢ ᠲᠥᠷᠥ ᠶᠢᠨ ᠪᠣᠳᠣᠯᠭ᠎ᠠ ᠶᠢᠨ ᠦᠨᠳᠦᠷᠴᠡ ᠲᠠᠢ ᠪᠥᠭᠡᠳ ᠦᠢᠯᠡᠳᠥᠯᠭᠡ ᠶᠢᠨ ᠭᠦᠨᠴᠡ ᠲᠠᠢ ᠪᠠᠶᠢᠵᠤ᠂ ᠮᠠᠰᠢ ᠴᠢᠩᠭ᠎ᠠ ᠵᠢᠯᠣᠭᠤᠳᠬᠤ ᠴᠢᠨᠠᠷ ᠲᠠᠢ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠬᠠᠮᠢᠶ᠎ᠠ ᠪᠥᠬᠦᠶ ᠠᠵᠢᠯᠲᠠᠳ ᠲᠤ ᠬᠦᠴᠦᠷᠬᠡᠭ ᠶᠡᠭᠡ ᠣᠨᠣᠯ ᠤᠨ ᠰᠢᠮ᠎ᠡ ᠲᠡᠵᠢᠭᠡᠯ ᠢ ᠬᠦᠷᠭᠡᠭᠰᠡᠨ ᠪᠥᠭᠡᠳ ᠪᠠᠰᠠ ᠳᠠᠷᠬᠠᠨ ᠮᠤᠤᠮᠢᠩᠭᠠᠨ‌ᠬᠤᠯᠪᠤᠭᠠᠳᠥ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠡᠮᠳᠡᠭ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠰᠡᠳᠬᠢᠴᠡ ᠪᠠ ᠠᠷᠭ᠎ᠠ ᠵᠠᠮ ᠬᠠᠩᠭᠠᠭᠰᠠᠨ ᠪᠠᠶᠢᠨ᠎ᠠ᠃      ᠰᠤᠷᠤᠯᠴᠠᠯᠭ᠎ᠠ ᠶᠢᠨ ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠲᠠᠶᠢᠯᠤᠮᠵᠢ ᠶᠢᠨ ᠠᠭᠤᠯᠭ᠎ᠠ ᠠᠴᠠ ᠨᠠᠷᠢᠨ ᠬᠢᠨᠠᠮᠠᠭᠠᠶ ᠰᠢᠮ᠎ᠡ ᠲᠡᠵᠢᠭᠡᠯ ᠭᠥᠷᠳᠡᠵᠦ᠂ ᠲᠤᠷᠰᠢᠯᠭ᠎ᠠ ᠪᠠᠷ ᠲᠣᠯᠢ ᠪᠣᠯᠭᠠᠨ᠂ ᠠᠵᠢᠯ ᠤᠨ ᠰᠡᠳᠬᠢᠴᠡ ᠪᠠᠨ ᠤᠯᠠᠮ ᠨᠢᠭᠡ ᠠᠯᠬᠤᠮ ᠥᠷᠭᠡᠳᠬᠡᠵᠦ᠂ ᠬᠥᠭᠵᠢᠯᠲᠡ ᠶᠢᠨ ᠰᠢᠨ᠎ᠡ ᠵᠠᠮ ᠢ ᠲᠠᠰᠤᠷᠠᠯᠲᠠ ᠥᠬᠡᠶ ᠬᠠᠶᠢᠨ ᠰᠦᠪᠡᠭᠴᠢᠯᠡᠵᠦ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠤᠶᠠᠯᠳᠣᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠪᠠ ᠭᠤᠷᠪᠠᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠬᠤ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠡᠶ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号