ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ 2024 ᠣᠨ ᠤ ᠪᠦᠬᠦ ᠬᠤᠰᠢᠭᠤᠨ ᠤ ᠮᠡᠳᠡᠭᠡ ᠵᠠᠩᠭᠢ ᠶᠢᠨ ᠠᠵᠢᠯ ᠤᠨ ᠪᠣᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2024/6/15
      ᠪᠥᠬᠦ ᠬᠤᠰᠢᠭᠤᠨ ᠤ ᠮᠡᠳᠡᠭᠡ ᠵᠠᠩᠭᠢ ᠶᠢᠨ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠡᠳᠡᠭᠡ ᠵᠠᠩᠭᠢ ᠶᠢᠨ ᠠᠵᠢᠯ ᠢᠶᠠᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢᠨ ᠲᠥᠯᠥᠭᠡ  ᠂ 6 ᠰᠠᠷ᠎ᠠ ᠶᠢᠨ 14 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠬᠠᠮᠲᠤᠷᠠᠨ 2024 ᠣᠨ ᠤ ᠪᠥᠬᠦ ᠬᠤᠰᠢᠭᠤᠨ ᠤ ᠮᠡᠳᠡᠭᠡ ᠵᠠᠩᠭᠢ ᠶᠢᠨ ᠠᠵᠢᠯ ᠤᠨ ᠪᠣᠯᠪᠠᠰᠤᠷᠠᠯ ᠤᠨ ᠠᠩᠭᠢ ᠶᠢ ᠡᠷᠭᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦ ᠶᠧ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠮᠡᠳᠡᠭᠡ ᠵᠠᠩᠭᠢ ᠶᠢᠨ ᠠᠵᠢᠯ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠮᠡᠳᠡᠭᠡ ᠵᠠᠩᠭᠢ ᠶᠢᠨ ᠠᠵᠢᠯᠲᠠᠨ ᠵᠢᠴᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 29 ᠳ᠋ᠦᠭᠡᠷ ᠬᠤᠭᠤᠴᠠᠭᠠᠨ ᠤ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠪᠥᠬᠦ ᠰᠤᠷᠤᠭᠴᠢᠳ ᠪᠣᠯᠪᠠᠰᠤᠷᠠᠯ ᠳᠤ ᠣᠷᠣᠯᠴᠠᠪᠠ᠃      ᠪᠣᠯᠪᠠᠰᠤᠷᠠᠯ ᠤᠨ ᠠᠩᠭᠢ ᠨᠢ ᠳᠤᠮᠳᠠᠳᠤ ᠤᠯᠤᠰ ᠤᠨ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠰᠣᠨᠢᠨ ᠤ ᠰᠤᠷᠪᠤᠯᠵᠢᠯᠠᠭᠴᠢ ᠶᠢᠨ ᠬᠡᠯᠲᠡᠰ ᠤᠨ ᠳᠡᠳ᠋ ᠡᠷᠬᠢᠯᠡᠭᠴᠢ᠂ ᠡᠷᠬᠢᠯᠡᠭᠴᠢ ᠨᠠᠶᠢᠷᠠᠭᠤᠯᠤᠭᠴᠢ ᠬᠤᠸᠠᠩ ᠬᠤᠸᠠᠨ ᠢ ᠣᠨᠴᠠᠭᠠᠶᠢᠯᠠᠨ ᠤᠷᠢᠵᠤ ︽ᠵᠣᠬᠢᠶᠠᠨ ᠪᠠᠶᠢᠭᠤᠯᠬᠤ ᠠᠵᠢᠯ ᠤᠨ ᠰᠣᠨᠢᠨ ᠮᠡᠳᠡᠭᠡ ᠶᠢ ᠬᠡᠷᠬᠢᠨ ᠰᠠᠶᠢᠲᠤᠷ ᠪᠢᠴᠢᠭᠯᠡᠬᠦ ᠪᠣᠶ︾ ᠭᠡᠬᠦ ᠲᠤᠰᠬᠠᠶ ᠰᠡᠳᠦᠪᠲᠦ ᠲᠠᠶᠢᠯᠤᠮᠵᠢ ᠬᠢᠯᠭᠡᠵᠡᠶ᠃ ᠵᠠᠯᠭᠠᠭᠠᠭᠳ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠠᠵᠢᠯᠲᠠᠨ ᠠᠯᠪᠠᠨ ᠪᠢᠴᠢᠭ ᠰᠢᠢᠳᠪᠦᠷᠢᠯᠡᠬᠦ᠂ ᠬᠤᠷᠠᠯ ᠤᠨ ᠶᠠᠪᠤᠳᠠᠯ᠂ ᠡᠳᠦᠷ ᠲᠤᠲᠤᠮ ᠤᠨ ᠮᠡᠳᠡᠭᠡ ᠵᠠᠩᠭᠢ ᠪᠠ ᠴᠢᠬᠤᠯᠠ ᠪᠠᠴᠢᠮ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠵᠡᠷᠭᠡ ᠠᠭᠤᠯᠭ᠎ᠠ ᠶᠢᠨ ᠲᠤᠬᠠᠶ ᠲᠠᠶᠢᠯᠤᠮᠵᠢ ᠬᠢᠪᠠ᠃ ᠪᠣᠯᠪᠠᠰᠤᠷᠠᠯ ᠤᠨ ᠠᠭᠤᠯᠭ᠎ᠠ ᠨᠢ ᠭᠦᠨᠵᠡᠭᠡᠢ ᠪᠥᠭᠡᠳ ᠣᠶᠢᠯᠠᠭᠠᠮᠵᠢᠲᠠᠢ᠂ ᠠᠮᠢᠳᠤᠯᠢᠭ ᠵᠢᠱᠢᠶ᠎ᠡ ᠪᠠᠷ ᠣᠴᠢᠷ ᠶᠣᠰᠤ ᠳᠠᠶᠢᠯᠪᠤᠷᠢᠯᠠᠵᠤ᠂ ᠤᠨᠤᠯ ᠤᠨ ᠦᠨᠳᠦᠷᠴᠡ ᠲᠠᠢ ᠪᠥᠭᠡᠳ ᠦᠢᠯᠡᠳᠦᠯᠭᠡ ᠶᠢᠨ ᠡᠷᠴᠢᠮ ᠲᠠᠢ ᠪᠠᠶᠢᠵᠤ᠂ ᠬᠤᠶᠢᠰᠢᠳᠠ ᠶᠢᠨ ᠮᠡᠳᠡᠭᠡ ᠵᠠᠩᠭᠢ ᠶᠢᠨ ᠠᠵᠢᠯ ᠢ ᠨᠡᠩ ᠰᠠᠶᠢᠲᠤᠷ ᠥᠷᠨᠢᠭᠦᠯᠬᠦ ᠳᠤ ᠦᠨᠡᠨ ᠪᠣᠳᠠᠲᠠᠢ ᠬᠠᠪᠰᠤᠷᠤᠯᠭ᠎ᠠ ᠦᠵᠡᠭᠦᠯᠬᠦ ᠪᠣᠯᠣᠨ᠎ᠠ᠃      ᠪᠣᠯᠪᠠᠰᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠪᠣᠯᠪᠠᠰᠤᠷᠠᠯ ᠨᠢ ᠠᠵᠢᠯ ᠤᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠵᠤ᠂ ᠬᠢᠴᠢᠶᠡᠯ ᠤᠨ ᠠᠭᠤᠯᠭ᠎ᠠ ᠨᠢ ᠪᠣᠳᠠᠲᠠᠢ ᠶᠢ ᠡᠷᠬᠢᠮᠯᠡᠵᠦ᠂ ᠬᠢᠴᠢᠶᠡᠯᠯᠡᠬᠦ ᠪᠠᠭᠰᠢ ᠶᠢᠨ ᠤᠨᠤᠯ ᠤᠨ ᠰᠠᠭᠤᠷᠢ ᠪᠠᠲᠤ ᠴᠢᠩᠭ᠎ᠠ᠂ ᠪᠣᠳᠠᠲᠤ ᠠᠵᠢᠯ ᠤᠨ ᠲᠤᠷᠰᠢᠯᠭ᠎ᠠ ᠪᠠᠷ ᠪᠠᠶᠠᠯᠢᠭ ᠪᠠᠶᠢᠵᠤ᠂ ᠮᠡᠳᠡᠭᠡ ᠵᠠᠩᠭᠢ ᠶᠢᠨ ᠠᠵᠢᠯ ᠢ ᠰᠠᠶᠢᠲᠤᠷ ᠬᠢᠬᠦ ᠳᠤ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠵᠢᠯᠣᠭᠤᠳᠬᠤ ᠴᠢᠨᠠᠷ ᠲᠠᠢ ᠪᠠᠶᠢᠵᠤ᠂ ᠳᠠᠷᠠᠭᠠᠴᠢ ᠶᠢᠨ ᠠᠯᠬᠤᠮ ᠳᠤ ᠡᠯ᠎ᠡ ᠵᠦᠢᠯ ᠤᠨ ᠠᠵᠢᠯ ᠤᠨ ᠡᠭᠦᠷᠭᠡ ᠶᠢᠨ ᠳᠣᠭᠤᠷᠢᠨ ᠳᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠪᠣᠳᠠᠲᠠᠢ ᠠᠵᠢᠯ ᠤᠨ ᠳᠤᠮᠳᠠ ᠪᠠᠨ ᠦᠢᠯᠡᠳᠥᠯᠭᠡᠵᠢᠵᠥ ᠂ ᠮᠡᠳᠡᠭᠡ ᠵᠠᠩᠭᠢ ᠶᠢᠨ ᠠᠵᠢᠯ ‍ᠤᠨ‌ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠥ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠤᠯᠭᠠᠬᠤ  ᠪᠠᠷ ᠴᠢᠷᠮᠠᠶᠢᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号