ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠴᠢᠬᠤᠯᠠ ᠶᠡᠭᠡ ᠲᠥᠷᠥᠯ ᠵᠦᠢᠯ ᠪᠣᠯᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠢ ᠡᠷᠬᠢᠯᠡᠭᠴᠢ ᠨᠠᠷ ᠬᠠᠮᠲᠤ ᠪᠠᠷ ᠰᠢᠨᠵᠢᠯᠡᠨ ᠪᠠᠶᠢᠴᠠᠭᠠᠯᠳᠡ ᠬᠢᠪᠡ
ᠨᠡᠶᠢᠲᠡᠯᠡᠭᠰᠡᠨ ᠴᠠᠭ᠄
2024/6/15
      6 ᠰᠠᠷ᠎ᠠ ᠶᠢᠨ 12 ᠤᠨ ᠡᠳᠦᠷ ᠠᠴᠠ 14 ᠤ ᠡᠳᠦᠷ ᠪᠣᠯᠲᠠᠯ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 2024 ᠣᠨ ᠤ ᠪᠥᠬᠦ ᠬᠤᠰᠢᠭᠤᠨ ᠤ ᠴᠢᠬᠤᠯᠠ ᠶᠡᠭᠡ ᠲᠥᠷᠥᠯ ᠵᠦᠢᠯ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ᠂ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠳᠤ ᠬᠠᠨᠳᠤᠭᠤᠯᠤᠨ ᠭᠤᠷᠪᠠᠨ ᠡᠳᠦᠷ ᠤᠨ ᠬᠤᠭᠤᠴᠠᠭ᠎ᠠ ᠲᠠᠢ ᠡᠷᠬᠢᠯᠡᠭᠴᠢ ᠨᠠᠷ ᠬᠠᠮᠲᠤ ᠪᠠᠷ ᠰᠢᠨᠵᠢᠯᠡᠨ ᠪᠠᠶᠢᠴᠠᠭᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠪᠠᠭᠠᠨ᠎ᠠ᠂ ᠳᠡᠳ᠋ ᠡᠷᠬᠢᠯᠡᠭᠴᠢ ᠰᠠᠷᠠᠩᠭᠤᠸ᠎ᠠ᠂ ᠪᠦᠷᠢᠨ᠂ ᠠᠵᠢᠯ ᠤᠨ ᠵᠥᠪᠯᠡᠯ ᠤᠨ ᠬᠠᠮᠢᠶ᠎ᠠ ᠪᠦᠬᠦᠢ ᠡᠷᠬᠢᠯᠡᠭᠴᠢ᠂ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠠ ᠬᠤᠲᠠ᠂ ᠬᠤᠰᠢᠭᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠠᠮᠲᠤ ᠶᠢᠨ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃      ᠰᠢᠨᠵᠢᠯᠡᠨ ᠪᠠᠶᠢᠴᠠᠭᠠᠬᠤ ᠳᠤᠭᠤᠶᠢᠯᠠᠩ ᠮᠠᠨᠳᠤᠯ ᠪᠣᠭᠤᠮᠲᠠ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠢ ᠲᠠᠢ ᠤᠯᠠᠨ ᠤᠯᠤᠰ ᠤᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠮᠠᠨᠳᠤᠯ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠬᠥᠮᠥᠷᠭᠡ ᠂ ᠶᠢᠨ ᠤᠪᠤᠭ᠎ᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠢᠵᠢ ᠪᠦᠷᠢᠳᠦᠭᠦᠯᠬᠦ ᠵᠢᠯ ᠳᠤ 2 × 40 ᠲᠦᠮᠡᠨ ᠲᠣᠨ / ᠵᠢᠯ ᠤᠨ ᠬᠦᠬᠦᠷ ᠬᠦᠴᠢᠯ ᠤᠨ ᠲᠦᠷᠦᠯ ᠵᠦᠢᠯ᠂ ᠲᠦᠩ ᠸᠧᠢ ᠪᠣᠬᠢᠷᠲᠤᠯ ᠦᠭᠡᠢ ᠦᠨᠳᠦᠰᠦᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠹᠧᠩ ᠭᠤᠸᠠᠩ ᠾᠧ ᠪᠣᠬᠢᠷᠲᠤᠯ ᠦᠭᠡᠢ ᠴᠠᠬᠢᠯᠭᠠᠨ ᠢᠶᠠᠷ ᠦᠢᠯᠡᠳᠦᠭᠰᠡᠨ ᠴᠠᠬᠢᠭᠤᠷ ᠢ ᠨᠢᠭᠡ ᠴᠤᠭᠴᠠᠵᠢᠭᠤᠯᠬᠤ ᠲᠦᠷᠦᠯ ᠵᠦᠢᠯ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠡᠭᠡᠯᠢ ᠭᠤᠳᠣᠮᠵᠢ ᠵᠢᠴᠢ ᠱᠤᠸᠠᠩ ᠰᠢᠨ ᠵᠠᠮ ᠤᠨ ᠳᠤᠮᠳᠠ ᠬᠡᠰᠡᠭ ᠢ ᠥᠭᠡᠷᠡᠴᠢᠯᠡᠨ ᠰᠠᠶᠢᠵᠢᠷᠠᠭᠤᠯᠬᠤ ᠲᠦᠷᠦᠯ ᠵᠦᠢᠯ᠂ ᠪᠥᠯᠭᠦᠮᠳᠡᠯ ᠵᠠᠮ ᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ᠂ ᠭᠤᠸᠠᠩ ᠹᠦ᠋ ᠠᠭᠤᠳᠠᠮ ᠲᠠᠯᠠᠪᠠᠢ ᠶᠢ ᠰᠡᠯᠪᠢᠨ ᠵᠠᠰᠠᠵᠤ ᠥᠭᠡᠷᠡᠴᠢᠯᠡᠬᠦ ᠵᠡᠷᠭᠡ ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃      ᠰᠢᠨᠵᠢᠯᠡᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠪᠠᠭᠠᠨ᠎ᠠ ᠰᠢᠨᠵᠢᠯᠡᠨ ᠪᠠᠶᠢᠴᠠᠭᠠᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠳᠤ ᠣᠷᠣᠯᠴᠠᠭᠰᠠᠨ ᠭᠡᠰᠢᠭᠦᠳ ᠪᠣᠯᠤᠨ ᠲᠥᠯᠥᠭᠡᠯᠡᠭᠴᠢᠳ  ᠨᠢᠭᠡ ᠨᠢᠭᠡ ᠪᠠᠷ ᠶᠠᠷᠢᠶ᠎ᠠ ᠲᠠᠯᠪᠢᠵᠤ᠂ ᠰᠢᠨᠵᠢᠯᠡᠨ ᠪᠠᠶᠢᠴᠠᠭᠠᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠰᠠᠨᠠᠯ ᠰᠠᠨᠠᠭᠤᠯᠭ᠎ᠠ ᠳᠤᠷᠠᠳᠴᠤ᠂ ᠬᠠᠮᠤᠭ ᠰᠡᠭᠦᠯ ᠳᠤ᠂ ᠵᠠᠩ ᠪᠠᠭᠠᠨ᠎ᠠ ᠲᠣᠰ ᠤᠳᠠᠭᠠᠨ ᠤ ᠬᠠᠮᠲᠤ ᠶᠢᠨ ᠰᠢᠨᠵᠢᠯᠡᠨ ᠪᠠᠶᠢᠴᠠᠭᠠᠯᠳᠡ ᠶᠢᠨ ᠲᠤᠬᠠᠶ ᠳ᠋ᠦᠩᠨᠡᠯᠲᠡ ᠬᠢᠭᠰᠡᠨ ᠪᠠᠶᠢᠨ᠎ᠠ᠃      ᠬᠤᠷᠠᠯ ᠠᠴᠠ ᠵᠢᠭᠠᠨ ᠭᠠᠷᠭᠠᠭᠰᠠᠨ ᠨᠢ᠂ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠢ ᠬᠤᠷᠠᠮᠳᠤᠭᠤᠯᠵᠤ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠴᠢᠩᠭ᠎ᠠ ᠠᠳᠬᠤᠵᠤ᠂ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠯᠬᠢᠶᠡᠳᠦ ᠮᠠᠶ᠋ᠢᠭ ᠤᠨ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠠᠵᠤ ᠥᠢᠯᠡᠳᠪᠥᠷᠢᠯᠡᠯ ᠤᠨ ᠳᠡᠭᠡᠳᠦ ᠳᠤᠮᠳᠠ ᠳᠤᠤᠷᠠᠳᠤ ᠬᠡᠰᠡᠭ ᠤᠨ ᠬᠡᠯᠬᠢᠶ᠎ᠡ ᠶᠢᠨ ᠬᠥᠷᠥᠯᠴᠡᠬᠦ ᠥᠭᠡᠢ ᠭᠤᠭᠴᠤᠭ᠎ᠠ ᠳᠤ ᠴᠢᠭᠯᠡᠭᠦᠯᠦᠨ ᠵᠠᠩᠭᠢᠯᠠᠭ᠎ᠠ ᠶᠢᠨ ᠠᠵᠤ ᠠᠬᠤᠶᠢᠯᠠᠯ ᠪᠣᠯᠤᠨ ᠬᠠᠮᠢᠶ᠎ᠠ ᠪᠥᠭᠦᠢ ᠠᠵᠤ ᠠᠬᠤᠶᠢᠯᠠᠯ ᠢ ᠢᠳᠡᠪᠬᠢᠲᠡᠢ ᠣᠷᠣᠭᠤᠯᠤᠨ ᠠᠪᠴᠢᠷᠠᠵᠤ᠂ ᠳᠡᠭᠡᠳᠦ ᠳᠤᠤᠷᠠᠳᠤ ᠬᠡᠰᠡᠭ ᠤᠨ ᠦᠢᠯᠡᠳᠬᠦᠨ ᠢ ᠲᠥᠪᠯᠡᠷᠡᠭᠦᠯᠬᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠳᠠᠪᠠᠭᠤᠯᠢᠭ ᠲᠤᠯᠭᠠᠭᠤᠷᠢ ᠠᠵᠤ ᠦᠢᠯᠡᠰ ᠢ ᠪᠤᠶᠢᠵᠢᠭᠤᠯᠬᠤ  ᠵᠡᠷᠭᠡ ᠠᠵᠤ ᠦᠢᠯᠡᠰ ᠤᠨ ᠰᠦᠷᠦᠭᠵᠢᠯ ᠤᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠦᠯᠡᠳᠡᠭᠡᠯ ᠠᠵᠤ ᠠᠬᠤᠶᠢᠯᠠᠯ ᠤᠨ ᠦᠢᠯᠡᠴᠢᠯᠡᠭᠡ ᠶᠢ ᠰᠠᠶᠢᠲᠤᠷ ᠬᠢᠵᠦ᠂ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠬᠢᠨ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠡᠯ᠎ᠡ ᠲᠦᠷᠦᠯ ᠤᠨ ᠠᠵᠤ ᠠᠬᠤᠶᠢᠯᠠᠯ ᠳᠤ ᠳᠡᠮᠵᠢᠯᠭᠡ ᠬᠠᠩᠭᠠᠵᠤ᠂ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠠᠷᠠᠳ ᠤᠨ ᠠᠮᠢᠳᠤᠷᠠᠯ ᠬᠠᠮᠤᠭ ᠴᠢᠬᠤᠯᠠ ᠭᠡᠰᠡᠨ ᠤᠢᠢᠯᠠᠭᠠᠭᠳᠠᠬᠤᠨ ᠢ ᠪᠤᠢ ᠪᠣᠯᠭᠠᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠵᠤ᠂ ᠠᠷᠠᠳ ᠤᠯᠠᠨ ᠳᠤ ᠠᠷᠠᠳ ᠤᠨ ᠠᠮᠢᠳᠤᠷᠠᠯ ᠤᠨ ᠢᠨᠵᠧᠨᠧᠷᠢᠩ ᠳᠠᠷᠤᠢ ᠥᠪᠡᠷ ᠤᠨ ᠳᠡᠷᠭᠡᠳᠡ ᠪᠠᠶᠢᠬᠤ ᠶᠢ ᠦᠨᠡᠨᠬᠦ ᠮᠡᠳᠡᠷᠡᠭᠦᠯᠵᠦ᠂ ᠠᠷᠠᠳ ᠤᠯᠠᠨ ᠢ ᠨᠡᠩ ᠤᠯᠠᠨ᠂ ᠨᠡᠩ ᠰᠢᠭᠤᠳ᠂ ᠨᠡᠩ ᠪᠣᠳᠠᠲᠠᠢ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠲᠠᠢ ᠪᠣᠯᠭᠠᠬᠤ ᠬᠡᠷᠡᠭᠲᠡᠢ᠃ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠠᠮᠢᠶ᠎ᠠ ᠪᠦᠬᠦᠢ ᠡᠭᠦᠷᠭᠡ ᠴᠢᠳᠠᠪᠬᠢᠳᠤ ᠰᠠᠯᠠᠭ᠎ᠠ ᠮᠥᠴᠢᠷ  ᠤᠳ ᠵᠢᠯᠤᠭᠤᠳᠤᠯᠭ᠎ᠠ ᠪᠠᠨ ᠴᠢᠩᠭᠠᠳᠬᠠᠵᠤ᠂ ᠴᠢᠩᠭ᠎ᠠ ᠬᠢᠨᠠᠨ ᠬᠠᠮᠢᠶᠠᠷᠴᠤ᠂ ᠱᠠᠯᠠᠪᠳᠠᠭᠤᠯᠤᠨ ᠠᠵᠢᠯ ᠤᠨ ᠪᠠᠶᠢᠴᠠᠭᠠᠯᠳᠠ ᠪᠠᠨ ᠰᠠᠶᠢᠲᠤᠷ ᠬᠢᠵᠦ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠣᠷᠣᠨ ᠪᠠᠶᠢᠷᠢ ᠪᠣᠯᠤᠨ ᠭᠤᠣᠯᠳᠠᠯᠭ᠎ᠠ ᠲᠠᠢ ᠭᠤᠭᠴᠤᠭ᠎ᠠ ᠶᠢ ᠲᠤᠪᠤᠶᠢᠯᠭᠠᠵᠦ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠢᠳᠡᠪᠬᠢᠲᠡᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠢ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号