ᠥᠪᠡᠷᠲᠡᠭᠡᠨ ᠵᠠᠰᠠᠬᠤ ᠣᠷᠣᠨ ᠤ ᠬᠥᠬᠢᠭᠦᠯᠦᠨ ᠰᠠᠶᠢᠰᠢᠶᠠᠯᠳᠡ  ᠳᠤ ᠮᠠᠨ ᠤ ᠬᠤᠰᠢᠭᠤᠨ ᠤ ᠨᠢᠭᠡ ᠬᠠᠮᠲᠤ ᠨᠢᠭᠡᠴᠡ ᠨᠢᠭᠡ ᠬᠤᠪᠢ ᠬᠥᠮᠥᠨ ᠰᠤᠩᠭᠤᠭᠳᠠᠪᠠ
ᠨᠡᠶᠢᠲᠡᠯᠡᠭᠰᠡᠨ ᠴᠠᠭ᠄
2024/6/17
      6 ᠰᠠᠷ᠎ᠠ ᠶᠢᠨ 17 ᠤ ᠡᠳᠦᠷ ︽ᠥᠪᠥᠷ ᠮᠣᠩᠭᠤᠯ ᠤᠨ ᠡᠳᠦᠷ ᠤᠨ ᠰᠣᠨᠢᠨ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠰᠢᠯᠢᠳᠡᠭ ᠨᠠᠮ ᠤᠨ ᠠᠵᠢᠯᠲᠠᠨ᠂ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠡᠲᠡᠭᠡᠳ ᠤᠨ ᠲᠤᠬᠠᠶ ᠨᠡᠶᠢᠳᠡᠯᠡᠯ︾ ᠢ ᠨᠡᠶᠢᠲᠡᠯᠡᠪᠡ᠃      ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ 1 ᠨᠡᠷᠡᠰ ᠰᠢᠯᠢᠳᠡᠭ ᠨᠠᠮ ᠤᠨ ᠭᠡᠰᠢᠭᠦᠨ᠂ 1 ᠨᠡᠷᠡᠰ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠷ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠡᠲᠡᠭᠡᠳ ᠤᠨ ᠨᠡᠷᠡᠰ ᠤᠨ ᠵᠢᠭᠰᠠᠭᠠᠯᠳᠡ ᠳᠤ ᠳᠣᠳᠣᠷᠠᠪᠠ᠃      ᠮᠠᠨ ᠤ ᠬᠤᠰᠢᠭᠤᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ ᠪᠠᠷ ᠬᠥᠬᠢᠭᠦᠯᠦᠨ ᠰᠠᠶᠢᠰᠢᠶᠠᠭᠳᠠᠬᠤ ᠪᠠᠷ ᠪᠠᠶᠢᠭ᠎ᠠ  ᠬᠤᠪᠢ ᠬᠥᠮᠥᠨ᠄      ᠭᠠᠪᠤᠷᠴᠡᠴᠡᠭ ︵ᠡᠮᠡᠭᠳᠡᠢ᠂ ᠮᠤᠩᠭᠤᠯ ᠦᠨᠳᠦᠰᠦᠳᠡᠨ︶ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠪᠠᠶᠠᠨᠤᠪᠤᠭ᠎ᠠ ᠰᠤᠮᠤᠨ ᠤ ᠪᠠᠶᠠᠨᠬᠤᠸᠠ ᠭᠠᠴᠠᠭ᠎ᠠ ᠶᠢᠨ ᠨᠠᠮ ᠤᠨ ᠡᠭᠦᠷ ᠤᠨ ᠭᠡᠰᠢᠭᠦᠨ᠂ ᠭᠠᠴᠠᠭᠠᠨ ᠤ ᠠᠷᠠᠳ ᠤᠨ ᠵᠦᠪᠯᠡᠯ ᠤᠨ ᠭᠡᠰᠢᠭᠦᠨᠮᠠᠨ ᠤ ᠬᠤᠰᠢᠭᠤᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ  ᠪᠠᠷ ᠬᠥᠬᠢᠭᠦᠯᠦᠨ ᠰᠠᠶᠢᠰᠢᠶᠠᠭᠳᠠᠬᠤ ᠪᠠᠷ ᠪᠠᠶᠢᠭ᠎ᠠ ᠡᠲᠡᠭᠡᠳ ᠄      ᠳᠠᠷᠬᠠᠨ ᠮᠤᠤᠮᠢᠩᠭᠠᠨ ᠬᠤᠯᠪᠣᠭᠠᠲᠤ‌ᠬᠤᠰᠢᠭᠤᠨ ᠤ ᠮᠠᠨᠳᠤᠯ ᠪᠠᠯᠭᠠᠰᠤᠨ ᠤ ᠨᠠᠮ ᠤᠨ ᠬᠤᠷᠢᠶ᠎ᠠ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ  ᠰᠢᠯᠢᠳᠡᠭ ᠨᠠᠮ ᠤᠨ ᠠᠵᠢᠯᠲᠠᠨ  ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠷ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠡᠲᠡᠭᠡᠳ ᠤᠨ  ᠲᠤᠬᠠᠶ ᠨᠡᠶᠢᠳᠡᠯᠡᠯ      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠰᠢᠯᠢᠳᠡᠭ ᠨᠠᠮ ᠤᠨ ᠠᠵᠢᠯᠳᠠᠨ ᠪᠣᠯᠤᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠥᠬᠢᠭᠦᠯᠦᠨ ᠰᠠᠶᠢᠰᠢᠶᠠᠬᠤ ᠪᠠᠷ ᠪᠠᠶᠢᠨ᠎ᠠ᠃ ᠠᠷᠠᠳᠴᠢᠯᠠᠯ ᠢ ᠭᠦᠢᠴᠡᠳ ᠪᠠᠳᠠᠷᠠᠭᠤᠯᠤᠨ᠂ ᠰᠠᠨᠠᠯ ᠢ ᠥᠷᠭᠡᠨ ᠢᠶᠠᠷ ᠰᠣᠨᠣᠰᠴᠤ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠶᠢᠨ ᠲᠥᠯᠥᠭᠡ᠂ ᠨᠠᠮ ᠤᠨ ᠳᠣᠲᠣᠭᠠᠳᠤ ᠶᠢᠨ ᠬᠥᠬᠢᠭᠦᠯᠦᠨ ᠰᠠᠶᠢᠰᠢᠶᠠᠬᠤ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠤᠳᠤ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠡᠲᠡᠭᠡᠳ ᠤᠨ ᠪᠠᠶᠢᠳᠠᠯ ᠢ ᠪᠥᠬᠦ ᠣᠷᠣᠨ ᠤ ᠬᠡᠪᠴᠢᠶᠡᠨ ᠳᠤ ᠢᠯᠡ ᠨᠡᠶᠢᠲᠡᠯᠡᠵᠦ᠂ ᠵᠠᠷᠯᠠᠨ ᠨᠡᠶᠢᠲᠡᠯᠡᠬᠦ ᠴᠠᠭ᠄ 2024 ᠣᠨ ᠤ 6 ᠰᠠᠷ᠎ᠠ ᠶᠢᠨ 17 ᠤ ᠡᠳᠦᠷ ᠠᠴᠠ 6 ᠰᠠᠷ᠎ᠠ ᠶᠢᠨ 21 ᠤ ᠡᠳᠦᠷ ᠪᠣᠯᠲᠠᠯ᠎ᠠ ᠢᠯᠡ ᠨᠡᠶᠢᠳᠡᠯᠡᠶ᠎ᠠ᠃ ᠡᠨᠡ ᠬᠤᠭᠤᠴᠠᠭᠠᠨ ᠳᠤ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠡᠲᠡᠭᠡᠳ ᠲᠤ ᠣᠨᠳᠣᠤ ᠰᠠᠨᠠᠯ ᠲᠠᠢ ᠪᠣᠯ᠂ ᠤᠳᠠᠰᠤ ᠢᠷᠡᠭᠦᠯᠬᠦ᠂ ᠵᠠᠬᠢᠳᠠᠯ ᠶᠠᠪᠤᠭᠤᠯᠬᠤ᠂ ᠰᠤᠷᠪᠤᠯᠵᠢᠯᠠᠯ᠂ ᠰᠦᠯᠵᠢᠶ᠎ᠡ ᠪᠠᠷ ᠳᠠᠮᠵᠢᠭᠤᠯᠤᠨ ᠲᠤᠰᠬᠠᠵᠤ ᠪᠣᠯᠤᠨ᠎ᠠ᠃ ᠨᠢᠭᠡᠴᠡ ᠶᠢᠨ ᠨᠡᠷ᠎ᠡ ᠪᠠᠷ ᠪᠠᠶᠢᠳᠠᠯ ᠢᠶᠠᠨ ᠳᠣᠰᠬᠠᠭᠰᠠᠨ ᠪᠤᠯ ᠮᠠᠲ᠋ᠧᠷᠢᠶᠠᠯ ᠳᠡᠭᠡᠷ᠎ᠡ ᠪᠠᠨ ᠨᠢᠭᠡᠴᠡ ᠶᠢᠨ ᠢᠶᠠᠨ  ᠠᠯᠪᠠᠨ ᠲᠠᠮᠠᠭ᠎ᠠ ᠶᠢ ᠳᠠᠷᠤᠬᠤ ᠴᠢᠬᠤᠯᠠᠳᠠᠢ᠂ ᠬᠤᠪᠢ ᠬᠥᠮᠦᠨ ᠤ ᠨᠡᠷ᠎ᠡ ᠪᠠᠷ ᠪᠠᠶᠢᠳᠠᠯ ᠳᠣᠰᠬᠠᠭᠰᠠᠨ ᠪᠤᠯ ᠮᠠᠲ᠋ᠧᠷᠢᠶᠠᠯ ᠳᠡᠭᠡᠷ᠎ᠡ ᠪᠠᠨ ᠳᠤ ᠦᠨᠡᠨ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠣᠳᠠᠰᠣ ᠪᠠᠨ ᠬᠠᠩᠭᠠᠬᠤ ᠬᠡᠷᠡᠭᠲᠡᠶ᠃      ᠬᠦᠯᠢᠶᠡᠨ ᠠᠪᠬᠤ ᠴᠠᠭ᠄ ᠠᠵᠢᠯᠯᠠᠬᠤ ᠡᠳᠦᠷ ‍ᠤᠨ‌ᠦᠳᠡ ᠶᠢᠨ ᠡᠮᠦᠨ᠎ᠡ 9᠄ 00-12᠄ 00      ᠦᠳᠡ ᠶᠢᠨ ᠬᠤᠶᠢᠨ᠎ᠠ᠄ 13᠄ 30-17᠄ 00      ᠬᠦᠯᠢᠶᠡᠨ ᠠᠪᠬᠤ ᠤᠲᠠᠰᠤ᠄ 0471- 12380      ᠵᠠᠬᠢᠳᠠᠯ ᠢᠷᠡᠭᠦᠯᠬᠦ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠵᠡᠭᠡᠯᠢ ᠶᠢᠨ 1 ᠳ᠋ᠦ᠋ᠭᠡᠷ ᠨᠤᠮᠧᠷ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠢᠯᠡᠴᠢᠯᠡᠨ ᠮᠡᠳᠡᠭᠦᠯᠬᠦ ᠲᠥᠪ ︵ᠰᠢᠤᠳᠠᠨ ᠤ ᠳ᠋ᠤᠭᠠᠷ᠄ 010098︶      ᠢᠯᠡᠴᠢᠯᠡᠨ ᠮᠡᠲᠡᠭᠦᠯᠬᠦ ᠰᠦᠯᠵᠢᠶᠡᠨ ᠬᠠᠶ᠋ᠢᠭ᠄ http://12380.nmgdj.gov.cn      ᠡᠭᠦᠨ ᠤ ᠳᠣᠯᠠ ᠣᠨᠴᠠᠭᠠᠶᠢᠯᠠᠨ ᠵᠠᠷᠯᠠᠪᠠ           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ                        2024 ᠣᠨ ᠤ 6 ᠰᠠᠷ᠎ᠠ ᠶᠢᠨ 17 ᠤ ᠡᠳᠦᠷ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号