ᠪᠠᠶᠠᠷ ᠤᠨ ᠮᠡᠳᠡᠭᠡ︕ ᠲᠠᠷᠬᠠᠨ ᠰᠣᠮᠣᠨ ᠤ  ︽ᠤᠶᠠᠩᠭ᠎ᠠ︾ ᠤᠳᠬ᠎ᠠ ᠤᠷᠠᠯᠢᠭ ᠤᠨ ᠠᠩᠭᠢ 2023 - 2024 ᠣᠨ ᠤ ᠪᠤᠭᠤᠲᠤ ᠬᠤᠲᠠ ᠶᠢᠨ ᠵᠢᠱᠢᠶ᠎ᠡ ᠦᠵᠡᠭᠦᠯᠬᠦ ᠴᠢᠨᠠᠷᠲᠠᠶ ᠲᠠᠪᠤᠨ ᠣᠳᠣᠨ ᠲᠠᠰ ᠤᠨ ᠣᠯᠠᠨ ᠲᠦᠮᠡᠨ ᠤ ᠤᠳᠬ᠎ᠠ ᠤᠷᠠᠯᠢᠭ ᠤᠨ ᠪᠦᠯᠬᠦᠮ ᠤᠨ ᠴᠣᠯᠠ ᠶᠢ ᠭᠥᠷᠳᠡᠪᠡ
ᠨᠡᠶᠢᠲᠡᠯᠡᠭᠰᠡᠨ ᠴᠠᠭ᠄
2024/6/17
      ᠣᠶᠢᠷ᠎ᠠ ᠳᠤ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠲᠠᠷᠬᠠᠨ ᠰᠣᠮᠣᠨ ᠤ ︽ᠤᠶᠠᠩᠭ᠎ᠠ︾ ᠤᠳᠬ᠎ᠠ ᠤᠷᠠᠯᠢᠭ ᠤᠨ ᠠᠩᠭᠢ ᠳᠤ 2023 - 2024 ᠣᠨ ᠤ ᠪᠤᠭᠤᠲᠤ ᠬᠤᠲᠠ ᠶᠢᠨ ᠵᠢᠱᠢᠶ᠎ᠡ ᠦᠵᠡᠭᠦᠯᠬᠦ ᠴᠢᠨᠠᠷᠲᠠᠶ ᠲᠠᠪᠤᠨ ᠣᠳᠣᠨ ᠲᠠᠰ ᠤᠨ ᠣᠯᠠᠨ ᠲᠦᠮᠡᠨ ᠤ ᠤᠳᠬ᠎ᠠ ᠤᠷᠠᠯᠢᠭ ᠤᠨ ᠪᠦᠯᠬᠦᠮ ᠤᠨ ᠴᠣᠯᠠ ᠣᠯᠭᠤᠪᠠ᠃      ᠪᠠᠶᠢᠭᠤᠯᠤᠭᠳᠠᠭᠰᠠᠨ ᠠᠴᠠ ᠨᠠᠰᠢ᠂ ︽ᠤᠶᠠᠩᠭ᠎ᠠ︾ ᠤᠳᠬ᠎ᠠ ᠤᠷᠠᠯᠢᠭ ᠤᠨ ᠠᠩᠬᠢ ᠨᠢ ᠨᠠᠮ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠤᠬᠠᠭᠤᠯᠬᠤ ᠪᠠᠷ ᠦᠨᠳᠦᠰᠦᠨ ᠵᠢᠷᠤᠮᠯᠠᠯ ᠪᠣᠯᠭᠠᠵᠤ᠂ ᠠᠷᠠᠳ ᠤᠯᠠᠨ ᠤ ᠤᠶᠤᠨ ᠰᠠᠨᠠᠭᠠᠨ ᠤ ᠠᠮᠢᠳᠤᠷᠠᠯ ᠢ ᠪᠠᠶᠠᠯᠢᠭᠵᠢᠭᠤᠯᠬᠤ ᠬᠠᠷᠠᠯᠲᠠ ᠶᠢ ᠲᠣᠭᠲᠠᠭᠠᠵᠤ᠂ ᠬᠠᠷᠢᠶ᠎ᠠ ᠣᠷᠣᠨ ᠤ ᠤᠯᠠᠨ ᠳᠥᠮᠡᠨ ᠳᠤ ᠡᠯ᠎ᠡ ᠲᠦᠷᠦᠯ ᠤᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠤᠯᠠᠨ ᠤ ᠰᠠᠶᠢᠰᠢᠶᠠᠯ ᠪᠠᠭ᠋ᠠᠳᠣᠯ ᠢ ᠣᠯᠵᠠᠢ᠃  ᠤᠯᠠᠨ ᠵᠢᠯ ᠤᠨ ᠪᠣᠯᠪᠠᠰᠣᠷᠠᠯ ᠳᠠᠪᠲᠠᠯᠲᠠ ᠪᠠᠷ ᠳᠠᠮᠵᠢᠨ᠂ ︽ᠤᠶᠠᠩᠭ᠎ᠠ︾  ᠤᠳᠬ᠎ᠠ ᠤᠷᠠᠯᠢᠭ ᠤᠨ ᠠᠩᠭᠢ ᠶᠢᠨ ᠬᠢᠨ ᠡᠯᠪᠡᠭ ᠪᠠᠶᠠᠯᠢᠭ ᠲᠣᠭᠯᠠᠯᠲᠠ ᠭᠠᠷᠭᠠᠬᠤ ᠳᠣᠷᠰᠢᠯᠭ᠎ᠠ ᠶᠢ ᠬᠤᠷᠠᠮᠳᠤᠭᠤᠯᠵᠤ᠂ ᠠᠩᠭᠢ ᠶᠢᠨ ᠭᠡᠰᠢᠭᠦᠳ ᠤᠨ ᠬᠤᠭᠤᠷᠣᠨᠳᠤᠬᠢ ᠬᠠᠮᠵᠢᠯᠴᠠᠭ᠎ᠠ ᠨᠡᠩ ᠴᠢᠩᠭ᠎ᠠ ᠪᠤᠯᠵᠤ᠂ ᠪᠦᠯᠬᠦᠮ ᠤᠨ ᠬᠡᠪ ᠪᠣᠯᠪᠠᠰᠣᠷᠠᠯ ᠡᠳᠦᠷ ᠢᠷᠡᠬᠦᠶ᠎ᠡ ᠪᠣᠯᠪᠠᠰᠤᠷᠠᠩᠭᠤᠢ ᠪᠤᠯᠵᠠᠢ᠃      ᠳᠠᠷᠠᠭ᠎ᠠ ᠠᠯᠬᠤᠮ ᠳᠤ᠂ ︽ᠤᠶᠠᠩᠭ᠎ᠠ︾ ᠤᠳᠬ᠎ᠠ ᠤᠷᠠᠯᠢᠭ ᠤᠨ ᠠᠩᠬᠢ ᠶᠢᠨ ᠬᠢᠨ ᠲᠣᠰ ᠤᠳᠠᠭᠠᠨ ᠤ ᠢᠷᠠᠭᠤ ᠠᠯᠳᠠᠷ ᠢᠶᠠᠷ ᠵᠣᠷᠢᠭᠵᠢᠭᠤᠯᠤᠯ ᠪᠤᠯᠭᠠᠵᠤ᠂ ᠲᠣᠰ ᠪᠡᠶ᠎ᠡ ᠶᠢᠨ ᠪᠠᠶᠢᠭᠤᠯᠤᠯᠲᠠ ᠬᠢᠭᠡᠳ ᠳᠣᠭᠯᠠᠯᠳᠡ ᠶᠢᠨ ᠠᠭᠤᠯᠭ᠎ᠠ ᠶᠢ ᠰᠢᠯᠢᠳᠡᠭᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠠᠮ ᠤᠨ ᠣᠨᠣᠯ᠂  ᠴᠢᠭᠯᠡᠯᠡᠳᠡ᠂ ᠲᠥᠷᠥ ᠶᠢᠨ ᠪᠣᠳᠣᠯᠭ᠎ᠠ ᠬᠢᠭᠡᠳ ᠤᠷᠠᠨ ᠰᠠᠶᠢᠬᠠᠨ ᠤ ᠲᠣᠭᠯᠠᠯᠲᠠ ᠶᠢ ᠨᠠᠩ ᠪᠠᠶᠢᠭᠠᠯᠢᠯᠢᠭ ᠠᠭᠤᠰᠤᠯᠴᠠᠭᠤᠯᠵᠤ᠂ ᠣᠯᠠᠨ ᠲᠦᠮᠡᠨ ᠳᠤ ᠨᠠᠩ ᠣᠯᠠᠨ ᠦᠵᠡᠵᠦ ᠰᠣᠨᠢᠷᠬᠠᠬᠤ ᠳᠤᠷᠠᠲᠠᠶ᠂ ᠡᠯᠪᠡᠭ ᠪᠠᠶᠠᠯᠢᠭ ᠠᠭᠤᠯᠤᠭᠳᠠᠬᠤᠨ ᠲᠠᠢ ᠭᠤᠶᠢᠳᠠ ᠰᠠᠶᠢᠬᠠᠨ ᠲᠣᠭᠯᠠᠯᠲᠠ ᠠᠪᠴᠢᠷᠠᠵᠤ ᠥᠭᠬᠦ ᠪᠠᠷ ᠪᠠᠶᠢᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号