ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ︽ᠠᠳᠤᠭᠤ  ᠲᠠᠢ ᠨᠤᠳᠤᠭ ᠪᠠᠶᠠᠰᠬᠤᠯᠠᠩᠳᠦ ᠬᠢᠯᠢ︾ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ︽ᠮᠤᠩᠭᠤᠯ ᠮᠤᠷᠢᠨ ᠤ ᠵᠤᠷᠢᠭ ᠰᠠᠨᠠᠭ᠎ᠠ︾ ᠶᠢ ᠪᠠᠳᠠᠷᠠᠭᠤᠯᠬᠤ ᠲᠠᠭᠤᠤ ᠶᠢᠨ ᠤᠷᠤᠯᠳᠤᠭᠠᠨ ᠤ ᠱᠠᠩᠨᠠᠯ ᠤᠯᠭᠤᠬᠤ ᠦᠵᠡᠭᠦᠯᠦᠯᠭᠡ ᠦᠪᠡᠳᠡᠭᠰᠢ ᠶᠡᠬᠡᠪᠡᠷ ᠶᠠᠪᠤᠭᠳᠠᠪᠠ
ᠨᠡᠶᠢᠲᠡᠯᠡᠭᠰᠡᠨ ᠴᠠᠭ᠄
2024/6/2
      ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠵᠦ᠂ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠠᠳᠠᠷᠠᠭᠤᠯᠤᠨ ᠦᠢᠯᠡᠳᠦᠯᠭᠡᠵᠢᠭᠦᠯᠬᠦ ᠪᠠᠷ᠂6 ᠰᠠᠷ᠎ᠠ ᠶᠢᠨ1 ᠤ ᠦᠳᠡ ᠶᠢᠨ ᠬᠤᠶᠢᠨ᠎ᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠢᠭᠡᠳᠦᠮᠡᠯ ᠹᠷᠤᠨᠲ ᠤᠨ ᠬᠡᠯᠳᠡᠰ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠮᠡᠭᠳᠡᠶᠢᠴᠤᠳ ᠤᠨ ᠬᠤᠯᠪᠤᠭᠠᠳᠦ ᠬᠤᠷᠠᠯ ᠠᠴᠠ ᠭᠤᠤᠯᠯᠠᠨ ᠡᠷᠬᠢᠯᠡᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠳᠬ᠎ᠠ ᠵᠤᠬᠢᠶᠠᠯ ᠤᠷᠠᠯᠢᠭ ᠤᠨ ᠬᠢᠨ ᠤ ᠬᠤᠯᠪᠤᠭᠠᠳᠦ ᠬᠤᠷᠠᠯ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠮᠡᠭᠳᠡᠶᠢᠴᠤᠳ ᠤᠨ ᠬᠤᠯᠪᠤᠭᠠᠳᠦ ᠬᠤᠷᠠᠯ ᠠᠴᠠ ᠭᠤᠤᠯᠯᠠᠨ ᠡᠷᠬᠢᠯᠡᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠯᠠᠨ ᠲᠦᠮᠡᠨ ᠤ ᠪᠦᠯᠬᠦᠮ ᠤᠨ ᠰᠠᠯᠠᠭ᠎ᠠ ᠮᠦᠴᠢᠷ ᠤᠨ ᠬᠠᠮᠵᠢᠯᠴᠠᠨ ᠡᠷᠬᠢᠯᠡᠭᠰᠡᠨ᠂ ᠲᠠᠷᠬᠠᠨ ᠮᠤᠤᠮᠢᠩᠭᠠᠨ ᠬᠤᠰᠢᠭᠤᠨ ᠤ ᠤᠤᠭᠠᠯ ᠰᠤᠶᠤᠯ ᠠᠷᠠᠳ ᠤᠨ ᠤᠷᠠᠯᠢᠭ ᠤᠨ ᠪᠦᠯᠬᠦᠮ ᠤᠨ ᠲᠠᠭᠠᠭᠠᠴᠢᠯᠠᠨ ᠡᠷᠬᠢᠯᠡᠭᠰᠡᠨ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠣᠳᠬᠠᠬᠤ ︽ᠠᠳᠣᠭᠤ ᠲᠠᠢ ᠨᠤᠳᠤᠭ ᠪᠠᠶᠠᠰᠬᠤᠯᠠᠩᠳᠦ ᠬᠢᠯᠢ︾ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ  ᠤ ︽ᠮᠤᠩᠭᠤᠯ ᠮᠤᠷᠢᠨ ᠤ ᠵᠤᠷᠢᠭ ᠰᠠᠨᠠᠭ᠎ᠠ︾ ᠶᠢ ᠪᠠᠳᠠᠷᠠᠭᠤᠯᠬᠤ ᠲᠠᠭᠤᠤ ᠶᠢᠨ ᠰᠢᠢᠳᠪᠦᠷᠢᠳᠦ ᠤᠷᠤᠯᠳᠤᠭᠠᠨ ᠵᠢᠴᠢ ᠱᠠᠩᠨᠠᠯ ᠤᠯᠭᠤᠬᠤ ᠦᠵᠡᠭᠦᠯᠦᠯᠭᠡ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠲᠤ ᠦᠪᠡᠳᠡᠭᠰᠢ ᠶᠡᠬᠡᠪᠡᠷ ᠶᠠᠪᠤᠭᠳᠠᠪᠠ᠃
微信图片_20240604094808.jpg     
      ᠤᠯᠠᠮᠵᠢᠯᠠᠯᠳᠦ ᠠᠷᠠᠳ ᠤᠨ ᠲᠠᠭᠤᠤ ᠨᠢ ᠠᠤᠭ᠎ᠠ ᠰᠦᠷᠯᠢᠭ᠂ ᠢᠷᠠᠭᠤ ᠴᠡᠭᠡᠯᠭᠡᠨ ᠠᠶᠠᠯᠭᠤ ᠪᠠᠷ ᠢᠶᠠᠨ ᠠᠯᠳᠠᠷᠰᠢᠵᠦ᠂ ᠠᠵᠢᠨᠠᠢ ᠬᠦᠯᠦᠭ᠂ ᠲᠠᠯ᠎ᠠ ᠨᠤᠳᠤᠭ᠂ ᠨᠤᠳᠤᠭ ᠤᠰᠤ ᠪᠠ ᠭᠤᠤᠯ ᠮᠦᠷᠡᠨ ᠵᠡᠷᠭᠡ ᠶᠢ ᠮᠠᠭᠳᠠᠨ ᠲᠠᠭᠤᠯᠠᠳᠠᠭ᠃ ᠤᠯᠠᠮᠵᠢᠯᠠᠯᠳᠦ ᠠᠷᠠᠳ ᠤᠨ ᠲᠠᠭᠤᠤ ᠨᠢ ᠮᠤᠩᠭᠤᠯ ᠮᠤᠷᠢᠨ ᠤ ᠰᠤᠶᠤᠯ ᠲᠠᠢ ᠬᠠᠮᠳᠦ ᠪᠠᠷ ᠮᠤᠩᠭᠤᠯ ᠦᠨᠳᠦᠰᠦᠳᠡᠨ ᠤ ᠰᠤᠶᠤᠯ ᠤᠷᠠᠯᠢᠭ ᠢ ᠠᠮᠢᠳᠤᠯᠢᠭ ᠢᠶᠠᠷ ᠲᠤᠰᠬᠠᠳᠠᠭ᠃ ᠡᠴᠦᠰ ᠤᠨ ᠰᠢᠷᠦᠭᠦᠨ ᠦᠷᠢᠰᠦᠯᠳᠦᠭᠡᠨ  ᠢᠶᠠᠷ ᠨᠢᠭᠡᠳᠦᠭᠡᠷ ᠲᠡᠰ ᠲᠤ ᠨᠢᠭᠡ ᠨᠡᠷᠡᠰ᠂ ᠬᠤᠶᠠᠳᠤᠭᠠᠷ ᠲᠡᠰ ᠲᠤ ᠬᠤᠶᠠᠷ ᠨᠡᠷᠡᠰ᠂ ᠭᠤᠷᠪᠠᠳᠤᠭᠠᠷ ᠲᠡᠰ ᠲᠤ ᠭᠤᠷᠪᠠᠨ ᠨᠡᠷᠡᠰ᠂ ᠰᠢᠯᠢᠳᠡᠭ ᠲᠡᠰ ᠲᠤ ᠵᠢᠷᠭᠤᠭᠠᠨ ᠨᠡᠷᠡᠰ ᠲᠤᠳᠤᠷᠠᠭᠰᠠᠨ ᠪᠠᠶᠢᠨ᠎ᠠ᠃ ︽ᠦᠨᠳᠦᠰᠦᠳᠡᠨ ᠤ ᠬᠤᠪᠴᠠᠰᠦ ᠵᠠᠰᠠᠯ ᠤᠨ ᠦᠵᠡᠯᠡᠪᠦᠷᠢ︾᠂ ︽ᠮᠤᠭᠠᠢ ᠶᠢᠨ ᠬᠡᠬᠡᠷ᠎ᠡ︾᠂ ︽ᠮᠠᠯᠴᠢᠳ ᠤᠨ ᠪᠠᠶᠠᠰᠤᠯ︾ ︽ᠲᠡᠮᠪᠡᠭᠡ ᠲᠤᠭᠯᠠᠯᠳᠠ︾᠂ ︽ᠬᠦᠮᠦᠨ ᠤ ᠰᠠᠶᠢᠬᠠᠨ ᠤᠷᠴᠢᠯᠠᠩ︾᠂ ︽ᠭᠠᠩᠭᠠᠩ ᠬᠠᠷ᠎ᠠ︾᠂ ︽ᠬᠦᠳᠡᠭᠡ ᠨᠤᠳᠤᠭ ᠲᠤ ᠮᠦᠩᠭᠡ ᠶᠢᠨ ᠨᠠᠷᠠᠨ ᠮᠠᠨᠳᠤᠯ᠎ᠠ︾ ᠵᠡᠷᠭᠡ ᠲᠤᠭᠯᠠᠯᠳᠠ ᠨᠢ ᠠᠬᠤᠢ ᠲᠠᠯᠠᠪᠠᠢ ᠶᠢᠨ ᠠᠭᠤᠷ ᠠᠮᠢᠰᠬᠤᠯ ᠢ ᠬᠦᠷ ᠬᠦᠭᠵᠢᠶᠡᠨ ᠢᠶᠠᠷ ᠪᠢᠯᠠᠬᠠᠭᠤᠯᠵᠦ᠂ ᠦᠵᠡᠭᠴᠢᠳ ᠲᠤ ᠮᠤᠩᠭᠤᠯ ᠮᠤᠷᠢᠨ ᠤ ᠵᠤᠷᠢᠭ ᠰᠠᠨᠠᠭᠠᠨ ᠤ ᠷᠢᠳᠢ ᠰᠢᠳᠢ ᠶᠢ ᠰᠤᠨᠢᠷᠬᠠᠭᠤᠯᠪᠠ᠃
微信图片_20240604094814.jpg
      ᠲᠤᠰ ᠤᠳᠠᠭᠠᠨ ᠤ ᠬᠦᠳᠡᠯᠭᠡᠭᠡᠨ ᠨᠢ ᠠᠷᠠᠳ ᠤᠨ ᠲᠤᠮᠳᠠᠬᠢ ᠰᠢᠯᠢᠳᠡᠭ ᠤᠯᠠᠮᠵᠢᠯᠯᠠᠳᠦ ᠠᠳᠤᠭᠤᠨ ᠰᠤᠶᠤᠯ  ᠢ ᠬᠦᠨᠵᠡᠭᠡᠢ ᠠᠭᠤᠳᠠᠯᠵᠦ᠂ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠦᠭᠡᠳ ᠠᠷᠠᠳ  ᠤᠨ ᠲᠠᠭᠤᠤ ᠳᠤ ᠪᠠᠭ᠋ᠠᠳᠠᠢ ᠠᠷᠠᠳ ᠤᠨ ᠤᠷᠠᠯᠢᠭᠴᠢᠳ ᠲᠤ ᠦᠪᠡᠷ ᠤᠨ ᠤᠷ᠎ᠠ ᠠᠪᠢᠶᠠᠰ ᠢᠶᠠᠨ ᠲᠡᠯᠭᠡᠨ ᠦᠵᠡᠭᠦᠯᠬᠦ ᠪᠠ ᠬᠠᠷᠢᠯᠴᠠᠨ ᠰᠤᠯᠢᠯᠴᠠᠬᠤ ᠲᠠᠪᠴᠠᠩ ᠬᠠᠩᠭᠠᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号