ᠤᠮᠠᠷᠠᠳᠦ ᠬᠢᠯᠢ ᠶᠢᠨ ᠰᠤᠶᠤᠯ ᠰᠢᠷᠢᠰ ᠨᠡᠪᠳᠡᠷᠡᠭᠦᠯᠭᠡ — ᠲᠠᠯ᠎ᠠ ᠨᠤᠳᠤᠭ ᠤᠨ ᠬᠠᠶᠢᠷ᠎ᠠ ᠤᠷᠠᠯᠢᠭ ᠤᠨ ᠪᠦᠯᠬᠦᠮ
ᠨᠡᠶᠢᠲᠡᠯᠡᠭᠰᠡᠨ ᠴᠠᠭ᠄
2024/6/20
      ᠲᠤᠷᠠᠳᠠᠢ ᠡᠷᠬᠢᠯᠡᠭᠦᠯᠦᠭᠰᠡᠨ ᠠᠵᠢᠯ ᠢᠶᠠᠨ ᠠᠷᠪᠠ ᠭᠠᠷᠤᠢ ᠵᠢᠯ ᠲᠠᠰᠤᠷᠠᠯᠳᠠ ᠦᠭᠡᠢ ᠪᠠᠷᠢᠮᠳᠠᠯᠠᠵᠦ ᠶᠠᠪᠤᠨ᠎ᠠ ᠭᠡᠳᠡᠭ ᠠᠯᠢ ᠪᠤᠯᠭᠠᠨ ᠬᠦᠮᠦᠨ ᠤ ᠰᠠᠨᠠᠭ᠎ᠠ ᠵᠤᠷᠢᠭ ᠬᠤᠶᠠᠷ ᠢᠶᠠᠷ ᠯᠠ ᠪᠦᠳᠦᠴᠢᠬᠡᠳᠡᠭ ᠠᠮᠠᠷ ᠵᠦᠢᠯ ᠪᠢᠰᠢ ᠶᠤᠮ᠃ ᠠᠷᠪᠠ ᠭᠠᠷᠤᠢ ᠵᠢᠯ ᠤᠨ ᠡᠮᠦᠨ᠎ᠡ ᠠᠵᠢᠯ ᠠᠴᠠ ᠪᠠᠨ ᠠᠮᠠᠷᠠᠭᠰᠠᠨ ᠮᠠ ᠰᠢᠶᠠᠩ ᠬᠤᠸᠠ ᠭᠡᠷ ᠲᠤ ᠪᠠᠨ ᠵᠦᠭᠡᠷ ᠰᠠᠭᠤᠵᠦ ᠪᠤᠬᠢᠨᠢᠳᠤᠬᠤ ᠪᠠᠷ ᠲᠠᠭᠤᠯᠠᠵᠦ ᠪᠦᠵᠢᠭᠯᠡᠵᠦ᠂ ᠲᠤᠷ᠎ᠠ ᠰᠤᠨᠢᠷᠬᠠᠯ ᠢᠶᠠᠨ ᠦᠷᠬᠦᠯᠵᠢᠯᠡᠭᠦᠯᠪᠡᠯ ᠲᠡᠭᠡᠷ᠎ᠡ ᠭᠡᠰᠡᠨ ᠰᠠᠨᠠᠭ᠎ᠠ ᠪᠠᠷ ᠦᠶ᠎ᠡ ᠬᠤᠷᠠᠭ ᠤᠨ ᠪᠦᠰᠡᠭᠦᠶᠢᠴᠣᠣᠯ ᠲᠠᠢ ᠪᠠᠨ ᠬᠠᠷᠢᠯᠴᠠᠵᠦ2011 ᠤᠨ ᠤ1 ᠰᠠᠷ᠎ᠠ ᠳᠤ ︽ᠲᠠᠯ᠎ᠠ ᠨᠤᠳᠤᠭ ᠤᠨ ᠬᠠᠶᠢᠷ᠎ᠠ︾ ᠤᠷᠠᠯᠢᠭ ᠤᠨ ᠪᠦᠯᠬᠦᠮ ᠢᠶᠠᠨ ᠪᠠᠶᠢᠭᠤᠯᠤᠭᠰᠠᠨ ᠪᠠᠶᠢᠨ᠎ᠠ᠃ ᠠᠩᠬ᠎ᠠ ᠪᠠᠶᠢᠭᠤᠯᠤᠭᠳᠠᠬᠤ ᠳᠤ  ᠪᠠᠨ ᠰᠠᠨᠠᠭ᠎ᠠ ᠤᠨᠤᠭ᠎ᠠ ᠨᠡᠶᠢᠯᠡᠭᠰᠡᠨ8 ᠬᠦᠮᠦᠨ ᠲᠠᠢ ᠪᠠᠶᠢᠭᠰᠠᠨ ᠠᠴᠠ ᠪᠠᠨ ᠤᠳᠤ ᠪᠤᠯᠬᠤ ᠳᠤ ᠡᠨᠡᠬᠦ ᠪᠦᠯᠬᠦᠮ ᠨᠢ ᠭᠤᠴᠢ ᠭᠠᠷᠤᠢ ᠬᠦᠮᠦᠨ ᠲᠠᠢ ᠪᠤᠯᠤᠨ ᠦᠷᠭᠡᠵᠢᠵᠦ᠂ ᠪᠦᠯᠬᠦᠮ ᠤᠨ ᠬᠡᠰᠢᠭᠦᠳ ᠨᠢ ᠡᠯ᠎ᠡ ᠠᠵᠢᠯ ᠲᠦᠷᠦᠯ ᠤᠨ ᠠᠵᠢᠯ ᠠᠴᠠ ᠪᠠᠨ ᠠᠮᠠᠷᠠᠭᠰᠠᠨ ᠠᠵᠢᠯᠳᠠᠨ ᠪᠠ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠢᠶᠠᠷ ᠪᠦᠷᠢᠯᠳᠦᠭᠰᠡᠨ ᠲᠠᠭᠤᠤ ᠤᠷᠠᠯᠢᠭ ᠲᠤ ᠪᠠᠭ᠋ᠠᠳᠠᠢ ᠬᠦᠮᠦᠰ ᠶᠤᠮ᠃
微信图片_20240620153529.jpg
      ︽ᠲᠠᠯ᠎ᠠ ᠨᠤᠳᠤᠭ ᠤᠨ ᠬᠠᠶᠢᠷ᠎ᠠ ︾ ᠤᠷᠠᠯᠢᠭ ᠤᠨ ᠪᠦᠯᠬᠦᠮ ᠤᠨ ᠠᠬᠠᠯᠠᠭᠴᠢ ᠮᠠ ᠰᠢᠶᠠᠩ ᠬᠤᠸᠠ ᠪᠦᠯᠬᠦᠮ ᠢᠶᠠᠨ ᠪᠠᠶᠢᠭᠤᠯᠤᠭᠰᠠᠨ ᠡᠳᠦᠷ ᠠᠴᠠ ᠪᠠᠨ ᠡᠬᠢᠯᠡᠨ ︽ᠨᠢᠭᠡ ᠡᠵᠢ ᠡᠷᠡᠭᠦᠯ ᠰᠠᠷᠠᠭᠤᠯ ᠪᠤᠯ ᠨᠢᠭᠡ ᠭᠡᠷ ᠪᠦᠯᠢ ᠵᠤᠯ ᠵᠢᠷᠭᠠᠯ ᠲᠠᠢ︾ ᠭᠡᠳᠡᠭ ᠪᠤᠳᠤᠯ ᠢᠶᠠᠷ ᠦᠳᠡᠯᠦᠭᠡ ᠨᠠᠰᠦ ᠪᠠᠨ ᠪᠠᠶᠠᠷ ᠵᠢᠷᠭᠠᠯ ᠲᠠᠢ᠂ ᠤᠳᠬ᠎ᠠ ᠠᠭᠤᠯᠭ᠎ᠠ ᠲᠠᠢ ᠦᠩᠭᠡᠷᠡᠭᠦᠯᠬᠦ ᠵᠤᠷᠢᠯᠭ᠎ᠠ ᠪᠠᠷ ᠡᠯ᠎ᠡ ᠲᠦᠷᠦᠯ ᠤᠨ ᠪᠦᠵᠢᠭ᠂ ᠭᠤᠴᠤᠯᠠᠯ ᠲᠠᠭᠤᠤ᠂ ᠨᠠᠶᠢᠷᠠᠯ ᠲᠠᠭᠤᠤ᠂ ᠤᠷᠠᠨ ᠤᠩᠰᠢᠯᠭ᠎ᠠ ᠵᠡᠷᠭᠡ ᠲᠤᠭᠯᠠᠯᠳᠠ ᠵᠤᠬᠢᠶᠠᠨ ᠪᠠᠶᠢᠭᠤᠯᠤᠨ ᠶᠠᠪᠤᠭᠳᠠᠭᠤᠯᠵᠦ᠂ ᠭᠤᠶᠤ ᠰᠠᠶᠢᠬᠠᠨ ᠲᠤᠭᠯᠠᠯᠳᠠ ᠢᠶᠠᠨ ᠬᠤᠰᠢᠭᠤᠨ ᠤ ᠡᠯ᠎ᠡ ᠨᠡᠶᠢᠭᠡᠮ ᠲᠤᠭᠤᠷᠢᠭ᠂ ᠰᠤᠷᠭᠠᠭᠤᠯᠢ᠂ ᠨᠠᠰᠤᠳᠠᠶᠢᠴᠤᠳ ᠤᠨ ᠠᠰᠠᠷᠠᠮᠵᠢ ᠶᠢᠨ ᠭᠠᠵᠠᠷ᠂ ᠴᠡᠷᠢᠭ  ᠤᠨ ᠰᠠᠭᠤᠷᠢᠨ ᠢᠶᠠᠷ ᠬᠦᠷᠭᠡᠵᠦ᠂ ᠠᠭᠤᠤ ᠨᠠᠮ ᠢᠶᠠᠨ ᠮᠠᠭᠳᠠᠨ ᠲᠠᠭᠤᠯᠠᠬᠤ᠂ ᠰᠢᠨ᠎ᠡ ᠠᠮᠢᠳᠤᠷᠠᠯ ᠢᠶᠠᠨ ᠮᠠᠭᠳᠠᠨ ᠲᠠᠭᠤᠯᠠᠬᠤ᠂ ᠰᠢᠨ᠎ᠡ ᠠᠮᠢᠳᠤᠷᠠᠯ ᠢᠶᠠᠨ ᠮᠠᠭᠳᠠᠨ ᠲᠠᠭᠤᠯᠠᠬᠤ ᠪᠠᠷ ᠭᠤᠤᠯ ᠰᠡᠳᠦᠪ ᠪᠤᠯᠭᠠᠨ᠂ ᠦᠭᠡᠳᠡᠯᠡᠨ ᠲᠡᠭᠵᠢᠷᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠢᠶᠠᠨ ᠣᠳᠠᠭ᠎ᠠ ᠪᠤᠯᠭᠠᠨ ᠤ ᠲᠤᠭᠯᠠᠯᠳᠠ ᠳᠤ ᠪᠠᠨ ᠢᠯᠡᠷᠡᠭᠦᠯᠦᠭᠰᠡᠭᠡᠷ ᠢᠷᠡᠭᠰᠡᠨ ᠪᠢᠯᠡ᠃
微信图片_20240620153536.jpg
      ︽ᠲᠠᠯ᠎ᠠ ᠨᠤᠳᠤᠭ ᠤᠨ ᠬᠠᠶᠢᠷ᠎ᠠ︾ ᠤᠷᠠᠯᠢᠭ ᠤᠨ ᠪᠦᠯᠬᠦᠮ ᠤᠨ ᠪᠠᠰᠠ ᠨᠢᠭᠡᠨ ᠲᠤᠳᠤ ᠤᠨᠴᠠᠯᠢᠭ ᠨᠢ ᠬᠢᠳᠠᠳ᠂ ᠮᠤᠩᠭᠤᠯ᠂ ᠬᠤᠳᠤᠩ ᠵᠡᠷᠭᠡ ᠤᠯᠠᠨ ᠦᠨᠳᠦᠰᠦᠳᠡᠨ ᠤ ᠬᠡᠰᠢᠬᠦᠳ ᠢᠶᠠᠷ ᠪᠦᠷᠢᠯᠳᠦᠵᠦ᠂ ᠡᠯ᠎ᠡ ᠦᠨᠳᠦᠰᠦᠳᠡᠨ ᠨᠢᠠᠠᠳᠠᠷᠠᠨ ᠪᠦᠯᠬᠦᠮᠳᠡᠭᠰᠡᠨ ᠵᠤᠯ ᠵᠢᠷᠭᠠᠯᠳᠦ ᠭᠡᠷ ᠪᠦᠯᠢ ᠪᠤᠯᠬᠤ ᠶᠤᠮ᠃ ᠡᠨᠡᠬᠦ ᠪᠦᠯᠬᠦᠮ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ᠂ ᠪᠤᠭᠤᠳᠦ ᠬᠤᠳᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ  ᠠᠴᠠ ᠡᠷᠬᠢᠯᠡᠭᠰᠡᠨ ᠤᠷᠠᠨ ᠰᠠᠶᠢᠬᠠᠨ ᠤ ᠤᠷᠤᠯᠳᠤᠭᠠᠨ ᠵᠢᠴᠢ ᠨᠡᠶᠢᠳᠡ ᠶᠢᠨ ᠠᠰᠠᠷᠠᠮᠵᠢ ᠶᠢᠨ ᠲᠤᠭᠯᠠᠯᠳᠠ ᠳᠤ ᠤᠯᠠᠨᠳᠠ ᠤᠷᠤᠯᠴᠠᠵᠦ᠂ ᠪᠤᠭᠤᠳᠦ ᠬᠤᠳᠠ ᠶᠢᠨ ᠨᠠᠰᠤᠳᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠡᠷᠬᠢᠯᠡᠭᠰᠡᠨ ᠴᠠᠭᠠᠨ ᠰᠠᠷ᠎ᠠ ᠶᠢᠨ ᠦᠳᠡᠰᠢᠯᠡᠭᠡ ᠵᠢᠴᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠴᠠᠭᠠᠨ ᠰᠠᠷ᠎ᠠ ᠶᠢᠨ ᠦᠳᠡᠰᠢᠯᠡᠭᠡ ᠳᠤ ᠬᠤᠶᠠᠷ ᠤᠳᠠᠭ᠎ᠠ ᠤᠷᠤᠯᠴᠠᠨ᠂ ᠦᠨᠳᠦᠰᠦᠳᠡᠨ ᠤ ᠰᠤᠶᠤᠯ ᠢ ᠤᠯᠠᠮᠵᠢᠯᠠᠨ ᠲᠡᠯᠭᠡᠷᠡᠭᠦᠯᠬᠦ᠂ ᠠᠷᠠᠳ ᠤᠨ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ ᠳᠤ ᠦᠵᠡᠭᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠭᠦᠯᠦᠭᠰᠡᠭᠡᠷ ᠢᠷᠡᠵᠡᠢ᠃      ᠪᠦᠯᠬᠦᠮ ᠪᠠᠶᠢᠭᠤᠯᠤᠭᠳᠠᠭᠰᠠᠨ ᠡᠳᠡᠭᠡᠷ ᠵᠢᠯ ᠤᠳ ᠲᠤ ᠭᠤᠴᠤ ᠰᠠᠶᠢᠬᠠᠨ ᠲᠤᠭᠯᠠᠯᠳᠠ ᠪᠠᠷ ᠢᠶᠠᠨ ᠤᠷᠤᠨ᠂ ᠬᠤᠳᠠ ᠶᠢᠨ ᠲᠡᠰ ᠤᠨ ᠤᠯᠠᠨ ᠱᠠᠩᠨᠠᠯ ᠬᠦᠬᠢᠬᠦᠯᠦᠯ ᠢᠶᠠᠷ ᠮᠠᠭᠳᠠᠨ ᠰᠠᠶᠢᠰᠢᠶᠠᠭᠳᠠᠵᠦ᠂2022 ᠤᠨ ᠳᠤ ᠬᠤᠰᠢᠭᠤᠨ ᠤ ᠭᠤᠷᠪᠠᠨ ᠤᠳᠤᠨ ᠲᠡᠰ ᠤᠨ ᠤᠷᠠᠯᠢᠭ ᠤᠨ ᠪᠦᠯᠬᠦᠮ ᠢᠶᠠᠷ ᠦᠨᠡᠯᠡᠭᠳᠡᠵᠦ᠂2023 ᠤᠨ ᠳᠤ ᠪᠤᠭᠤᠳᠦ ᠬᠤᠳᠠ ᠶᠢᠨ ᠲᠡᠰ ᠤᠨ ᠲᠦᠷᠪᠡᠨ ᠤᠳᠤᠨ ᠲᠡᠰ ᠤᠨ ᠤᠷᠠᠯᠢᠭ ᠤᠨ ᠪᠦᠯᠬᠦᠮ ᠢᠶᠠᠷ ᠦᠨᠡᠯᠡᠭᠳᠡᠭᠰᠡᠨ ᠪᠠᠶᠢᠨ᠎ᠠ᠃
微信图片_20240620153544.jpg
      ᠠᠵᠢᠯ ᠠᠴᠠ ᠪᠠᠨ ᠠᠮᠠᠷᠠᠨ᠎ᠠ ᠭᠡᠳᠡᠭ ᠨᠢ ᠦᠳᠡᠯᠦᠭᠰᠡᠨ᠂ ᠠᠵᠢᠯ ᠬᠢᠬᠦ ᠪᠠᠨ ᠪᠤᠯᠢᠭᠰᠠᠨ ᠭᠡᠳᠡᠭ ᠦᠷᠦᠭᠡᠰᠦᠯ ᠨᠡᠷ᠎ᠡ ᠲᠤᠮᠢᠶ᠎ᠡ ᠪᠢᠰᠢ ᠭᠡᠳᠡᠭ ᠢ ᠡᠨᠡ ᠪᠦᠯᠬᠦᠮ ᠤᠨ ᠭᠤᠴᠢ ᠭᠠᠷᠤᠢ ᠭᠡᠰᠢᠭᠦᠳ ᠪᠢᠳᠡᠨ ᠳᠤ ᠢᠯᠡ ᠲᠤᠳᠤ ᠬᠠᠷᠠᠭᠤᠯᠵᠦ᠂ ᠡᠨᠡᠬᠦ ᠪᠦᠯᠬᠦᠮ ᠤᠨ ᠤᠷᠠᠨ ᠭᠤᠶᠤ ᠪᠦᠵᠢᠭ᠂ ᠲᠡᠭᠰᠢ ᠵᠢᠭᠳᠡ ᠮᠤᠲ᠋ᠧᠯ ᠤᠨ ᠠᠯᠬᠤᠭ᠎ᠠ ᠠᠴᠠ ᠨᠢ ᠬᠦᠮᠦᠰ ᠲᠡᠳᠡᠨ ᠤ ᠨᠠᠰᠤ ᠶᠢ ᠮᠠᠷᠳᠠᠨ ᠱᠠᠭᠱᠢᠨ ᠮᠠᠭᠳᠠᠵᠠᠭᠠᠵᠦ᠂ ᠠᠬᠠᠯᠠᠭᠴᠢ ᠮᠠ ᠰᠢᠶᠠᠩ ᠬᠤᠸᠠ ᠤᠯᠠᠨ ᠵᠢᠯ ᠤᠨ ᠬᠦᠴᠢᠷ ᠵᠦᠳᠡᠭᠦᠷᠢ ᠪᠠᠨ ᠨᠢᠭᠡ ᠤᠳᠠᠭᠠᠨ ᠤ ᠭᠤᠴᠦ ᠰᠠᠶᠢᠬᠠᠨ ᠲᠤᠭᠯᠠᠯᠳᠠ ᠶᠢᠨ ᠠᠮᠵᠢᠯᠳᠠ ᠪᠠᠷ ᠢᠶᠠᠨ ᠦᠳᠡᠨ ᠮᠤᠷᠳᠠᠭᠤᠯᠵᠦ᠂ ᠦᠳᠡᠯᠦᠭᠡ ᠨᠠᠰᠤᠨ ᠳᠤ ᠪᠠᠨ ᠦᠪᠡᠷ ᠢᠶᠠᠨ ᠵᠤᠷᠢᠵᠦ ᠲᠡᠮᠡᠥᠯᠡᠬᠦ ᠦᠢᠯᠡᠰ ᠲᠠᠢ᠂ ᠦᠷᠦᠭᠡᠯ ᠢ ᠦᠭᠡᠳᠡ ᠨᠢ ᠲᠠᠳᠠᠬᠤ ᠬᠦᠰᠡᠯ ᠵᠤᠷᠢᠭ ᠲᠠᠢ ᠲᠡᠮᠡᠥᠯᠡᠵᠦ ᠶᠠᠪᠤᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号