ᠱᠢ ᠵᠥᠩ ᠴᠢᠨ ᠬᠠᠶᠢᠷ᠎ᠠ ᠬᠠᠯᠠᠮᠵᠢ ᠶᠢᠨ ᠢᠨᠵᠧᠨᠧᠷᠢᠩ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2024/6/20
      6 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠱᠢ ᠵᠥᠩ ᠴᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠠᠶᠢᠷ᠎ᠠ ᠬᠠᠯᠠᠮᠵᠢ ᠶᠢᠨ ᠢᠨᠵᠧᠨᠧᠷᠢᠩ ᠵᠡᠷᠭᠡ ᠭᠤᠤᠯᠳᠠᠯᠭ᠎ᠠ ᠲᠠᠢ ᠠᠵᠢᠯ ᠢ ᠰᠤᠳᠤᠯᠤᠨ ᠳᠣᠭᠢᠷᠠᠭᠤᠯᠪᠠ᠃      ᠬᠤᠷᠠᠯ ᠳᠡᠭᠡᠷ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠱᠢ ᠵᠦᠩ ᠴᠢᠨ ᠴᠢᠬᠤᠯᠠᠴᠢᠯᠠᠭᠰᠠᠨ ᠨᠢ᠂ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠤᠢᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠢᠯᠡᠷᠡᠭᠰᠡᠨ ᠠᠰᠠᠭᠤᠳᠠᠯ ᠢ ᠣᠯᠵᠤ ᠮᠡᠳᠡᠮᠡᠭᠴᠡ ᠬᠠᠨᠯᠠᠨ ᠵᠠᠯᠠᠷᠠᠭᠤᠯᠵᠤ᠂ ᠪᠤᠳᠠᠳᠤ ᠠᠵᠢᠯᠠᠯᠭ᠎ᠠ ᠠᠪᠴᠤ᠂ ᠠᠰᠠᠭᠤᠳᠠᠯ ᠢᠶᠠᠨ ᠦᠨᠡᠨᠬᠦ ᠬᠠᠯᠠᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠪᠠᠷ ᠠᠵᠢᠯ ᠤᠨ ᠶᠠᠰᠤ ᠴᠢᠨᠠᠷ ᠦᠷ᠎ᠡ  ᠠᠰᠢᠭ ᠢᠶᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠠᠯ᠎ᠠ ᠶᠢᠨ ᠬᠢᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠪᠣᠳᠠᠲᠠᠶᠢᠵᠢᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠡᠵᠡᠮᠳᠡᠵᠦ᠂ ᠠᠵᠢᠯ ᠤᠨ ᠦᠷ᠎ᠡ ᠠᠰᠢᠭ ᠢ ᠮᠥᠷᠳᠡᠨ ᠠᠰᠠᠭᠤᠵᠥ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠪᠤᠢ ᠪᠦᠬᠦᠢ ᠠᠰᠠᠭᠤᠳᠠᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠲᠦᠢᠯᠪᠤᠷᠢᠲᠠᠢ ᠥᠭᠡᠷᠡᠴᠢᠯᠡᠬᠦ ᠶᠢ ᠠᠬᠢᠭᠤᠯᠬᠤ ᠬᠡᠷᠡᠭᠲᠡᠢ᠃ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠪᠣᠯ ᠬᠥᠭᠵᠢᠯᠲᠡ ᠶᠢᠨ ᠢᠨᠵᠧᠨᠧᠷᠢᠩ᠂ ᠤᠯᠤᠰ ᠳᠥᠷᠥ ᠶᠢᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠮᠥᠨ᠂ ᠪᠢᠳᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠠᠷᠠᠳ ᠤᠨ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ  ᠲᠤᠳᠠᠭᠳᠠᠯ ᠲᠠᠢ ᠲᠠᠯ᠎ᠠ ᠶᠢ ᠴᠢᠩᠭ᠎ᠠ ᠠᠩᠬᠠᠷᠴᠤ᠂ ᠮᠠᠨ ᠤ ᠬᠤᠰᠢᠭᠤ ᠶᠢ ︽ᠬᠠᠶᠢᠷ᠎ᠠ ᠬᠠᠯᠠᠮᠵᠢ ᠶᠢᠨ ᠢᠨᠵᠧᠨᠧᠷᠢᠩ︾᠂ ᠬᠤᠲᠠ ᠶᠢ ᠰᠢᠨᠡᠳᠬᠡᠬᠦ ᠵᠡᠷᠭᠡ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠬᠡᠷᠡᠭᠵᠢᠭᠦᠯᠵᠦ᠂ ᠨᠢᠭᠡ ᠨᠢᠭᠡ ᠪᠠᠷ ᠠᠬᠢᠭᠤᠯᠤᠨ᠂ ᠨᠢᠭᠡ ᠨᠢᠭᠡ ᠪᠠᠷ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ᠃      ᠬᠤᠰᠢᠭᠤᠨ ᠤ ᠤᠳᠤᠷᠢᠳᠤᠯᠭ᠎ᠠ ᠳ᠋ᠦᠩ ᠺᠠᠶ᠂ ᠳ᠋ᠠᠩ ᠰᠢᠶᠤᠤ ᠬᠤᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号