ᠱᠢ ᠵᠥᠩ ᠴᠢᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠨᠡᠭᠦᠷᠡᠰᠦᠨ ᠤ ᠪᠤᠰᠤ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/20
      6 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠱᠢ ᠵᠥᠩ ᠴᠢᠨ ᠨᠡᠭᠦᠷᠡᠰᠦᠲᠥ᠋ᠷᠥᠭᠴᠢ ᠥᠬᠡᠶ ᠬᠦᠷᠢᠶᠡᠯᠡᠩ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠪᠠ ᠨᠡᠭᠦᠷᠡᠰᠦᠨ ᠤ ᠪᠤᠰᠤ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠵᠡᠷᠭᠡ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃       ᠱᠢ ᠵᠦᠩ ᠴᠢᠨ ᠤᠷᠢᠳ ᠬᠤᠵᠢᠳ ᠲᠦᠩ ᠸᠧᠢ ᠪᠣᠬᠢᠷᠲᠤᠯ ᠦᠭᠡᠢ ᠰᠠᠭᠤᠷᠢ ᠮᠠᠲ᠋ᠧᠷᠢᠶᠠᠯ᠂ ᠬᠠᠢ ᠳ᠋ᠠ ᠪᠠᠯ ᠴᠢᠯᠠᠭᠤᠨ ᠯᠢᠲ᠋ᠢ ᠢᠶᠣᠨ ᠤ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠪᠣᠯᠤᠨ ᠪᠦᠦ ᠮᠠ ᠠᠭᠤᠷᠬᠠᠢ ᠶᠢᠨ ᠦᠢᠯᠡᠰ ᠲᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ᠂ ᠡᠯᠧᠮᠧᠨ᠋ᠲ ᠤᠨ ᠪᠠᠲᠤᠯᠠᠭ᠎ᠠ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠦᠷᠦᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷ ᠲᠦᠪᠡᠭᠲᠡᠢ ᠠᠰᠠᠭᠤᠳᠠᠯ ᠢ ᠲᠤᠬᠠᠢ ᠶᠢᠨ ᠲᠠᠯᠠᠪᠠᠢ ᠳᠤ ᠰᠤᠳᠤᠯᠤᠨ ᠰᠢᠢᠳᠪᠦᠷᠢᠯᠡᠪᠡ᠃      ᠱᠢ ᠵᠥᠩ ᠴᠢᠨ ᠴᠢᠬᠤᠯᠠᠴᠢᠯᠠᠭᠰᠠᠨ ᠨᠢ᠂ ᠴᠢᠬᠤᠯᠠ ᠶᠡᠭᠡ ᠲᠥᠷᠥᠯ ᠵᠦᠢᠯ ᠪᠣᠯ ᠠᠵᠤ ᠠᠬᠤᠶ ᠶᠢᠨ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠮᠥᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠲᠤ ᠪᠣᠶ ᠪᠣᠯᠭᠠᠵᠤ᠂ ᠨᠡᠮᠡᠭᠳᠡᠯ ᠤᠨ ᠤᠬᠠᠮᠰᠠᠷ ᠢᠶᠠᠨ ᠴᠢᠩᠭᠠᠷᠠᠭᠤᠯᠤᠨ᠂ ᠠᠵᠤ ᠠᠬᠤᠶᠢᠯᠠᠯ ᠤᠨ ᠪᠤᠳᠤᠵᠤ ᠪᠠᠶᠢᠭ᠎ᠠ ᠵᠦᠢᠯ ᠢ ᠪᠤᠳᠤᠵᠤ᠂ ᠠᠵᠤ ᠠᠬᠤᠶᠢᠯᠠᠯ ᠤᠨ ᠬᠥᠰᠡᠨ ᠮᠥᠷᠥᠭᠡᠳᠴᠤ ᠪᠠᠶᠢᠭ᠎ᠠ ᠵᠦᠢᠯ ᠢ ᠬᠢᠵᠥ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠤᠰᠤ᠂ ᠴᠠᠬᠢᠯᠭᠠᠨ ᠵᠡᠷᠭᠡ ᠳᠠᠯ᠎ᠠ ᠪᠠᠷ ᠬᠢ  ᠲᠦᠭᠵᠢᠷᠡᠯ ᠤᠨ ᠴᠡᠭ ᠤᠨ ᠬᠦᠴᠢᠷ ᠠᠰᠠᠭᠤᠳᠠᠯ ᠢ ᠪᠥᠬᠦ ᠬᠦᠴᠦᠨ ᠢᠶᠠᠷ ᠢᠶᠠᠨ ᠴᠢᠷᠮᠠᠶᠢᠨ ᠰᠢᠢᠳᠪᠦᠷᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠪᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠡᠷᠲᠡᠬᠡᠨ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠵᠤ᠂ ᠰᠢᠨ᠎ᠡ ᠨᠡᠮᠡᠭᠳᠡᠯ ᠤᠨ ᠬᠡᠮᠵᠢᠶ᠎ᠡ ᠶᠢ ᠬᠦᠴᠦᠯᠡᠨ ᠪᠣᠶ ᠪᠣᠯᠭᠠᠵᠤ᠂ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠢ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠨ ᠰᠠᠶᠢᠵᠢᠷᠠᠭᠤᠯᠵᠤ᠂ ᠪᠠᠷᠢᠯᠭ᠎ᠠ ᠶᠢᠨ ᠠᠮᠤᠷ ᠲᠦᠪᠰᠢᠨ ᠤ ᠪᠣᠭᠤᠮᠲᠠ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠰᠣᠳᠣᠨ ᠢᠨᠵᠧᠨᠧᠷᠢᠩ᠂ ᠠᠮᠤᠷ ᠲᠦᠪᠰᠢᠨ ᠤ ᠢᠨᠵᠧᠨᠧᠷᠢᠩ ᠢ ᠬᠦᠴᠦᠯᠡᠨ ᠪᠠᠶᠢᠭᠤᠯᠬᠤ ᠬᠡᠷᠡᠭᠲᠡᠢ᠃ ᠲᠡᠷᠡ ᠡᠯ᠎ᠡ ᠪᠦᠳᠦᠭᠡᠨ ᠪᠠᠶᠢᠭᠤᠯᠤᠯᠲᠠ ᠶᠢᠨ ᠠᠵᠤ ᠠᠬᠤᠶᠢᠯᠠᠯ ᠢ ᠦᠷ᠎ᠡ ᠪᠦᠲᠦᠮᠵᠢ ᠶᠢᠨ ᠤᠬᠠᠮᠰᠠᠷ ᠢᠶᠠᠨ ᠴᠢᠩᠭᠠᠳᠬᠠᠵᠤ᠂ ᠣᠳᠣᠬᠠᠨ ᠤ ᠪᠠᠷᠢᠯᠭ᠎ᠠ ᠶᠢᠨ ᠠᠵᠢᠯ ᠤᠨ ︽ᠰᠢᠵᠢᠷ ᠠᠯᠳᠠᠨ ᠬᠤᠭᠤᠴᠠᠭ᠎ᠠ︾ ᠶᠢ ᠠᠳᠬᠤᠵᠤ᠂ ᠪᠠᠷᠢᠯᠭ᠎ᠠ ᠶᠢᠨ ᠬᠤᠭᠤᠴᠠᠭ᠎ᠠ ᠶᠢ  ᠲᠤᠬᠢᠷᠠᠭᠤᠯᠤᠨ ᠪᠠᠶᠢᠷᠢᠯᠠᠭᠤᠯᠵᠤ᠂ ᠲᠦᠷᠭᠡᠨ ᠠᠵᠢᠯᠯᠠᠵᠤ᠂ ᠲᠦᠷᠦᠯ ᠵᠦᠢᠯ ᠢ ᠠᠵᠤ ᠠᠬᠤᠶᠢᠯᠠᠯ ᠪᠠ ᠭᠠᠵᠠᠷ ᠣᠷᠣᠨ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠲᠦᠷᠦᠯ ᠵᠦᠢᠯ ᠪᠣᠯᠭᠠᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠣᠷᠢᠭᠵᠢᠭᠤᠯᠪᠠ᠃      ᠬᠤᠰᠢᠭᠤᠨ ᠤ ᠤᠳᠤᠷᠢᠳᠤᠯᠭ᠎ᠠ ᠰᠦᠨ ᠿᠢ ᠴᠢᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号