ᠵᠢᠶᠠ ᠪᠦᠦ ᠯᠢᠶᠠᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2024/6/22
      6 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠵᠥᠪᠯᠡᠯ ᠤᠨ ᠬᠤᠷᠠᠯ᠂ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ 5 ᠰᠠᠷ᠎ᠠ ᠶᠢᠨ 27 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠲᠠᠪᠤᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠦᠳᠦᠭᠡᠨ ᠪᠠᠶᠢᠭᠤᠯᠤᠯᠲᠠ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠢ ᠴᠢᠨᠠᠭᠰᠢᠳᠠ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ᠂ ᠶᠡᠷᠦᠩᠬᠡᠢ ᠱᠦᠵᠢ ᠰᠢ ᠶᠢᠨ ᠫᠢᠩ ᠤᠨ ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠤᠨ ᠡᠳᠥᠷ ᠲᠤ ᠰᠧᠴᠤᠸᠠᠨ ᠮᠤᠵᠢ ᠶᠢᠨ ᠨᠠᠨᠴᠦᠩ ᠬᠤᠳᠠ ᠶᠢᠨ ᠵᠢᠶᠠ ᠯᠢᠩ ᠲᠣᠭᠤᠷᠢᠭ ᠤᠨ ᡁᠢ ᠵᠢᠶᠠᠩ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠷᠢᠭᠤ ᠥᠭᠭᠦᠭᠰᠡᠨ ᠵᠠᠬᠢᠳᠠᠯ ᠤᠨ ᠴᠢᠬᠤᠯᠠ ᠵᠣᠷᠢᠭ ᠰᠠᠨᠠᠭ᠎ᠠ ᠵᠢᠴᠢ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ︽ᠢᠨᠵᠧᠨᠧᠷᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠷᠭᠡ ᠶᠢ ᠦᠢᠯᠡᠳᠦᠯᠭᠡᠵᠢᠭᠦᠯᠦᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ︾ ᠠᠺᠠᠳᠧᠮᠢᠴᠢ ᠶᠢᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠃ ᠵᠢᠶᠠ ᠪᠤᠤ ᠯᠢᠶᠠᠩ ᠠᠴᠠ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠡᠭᠦᠷᠭᠡ ᠬᠠᠷᠢᠭᠤᠴᠠᠯᠭ᠎ᠠ ᠪᠠᠨ ᠳᠠᠭᠠᠭᠠᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠶᠢ ᠴᠢᠬᠤᠯᠠᠴᠢᠯᠠᠭᠰᠠᠨ ᠪᠠᠶᠢᠨ᠎ᠠ᠃ ᠳᠠᠷᠬᠠᠨ ᠮᠤᠤᠮᠢᠩᠭᠠᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠭᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠠᠬᠢᠭᠤᠯᠬᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠡᠭᠡᠷ᠎ᠡ ᠬᠦᠴᠦ ᠪᠠᠨ ᠲᠠᠯᠪᠢᠵᠤ᠂ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠡᠶᠢᠭᠡᠮ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠦᠨᠡᠨ ᠰᠡᠳᠬᠢᠯ ᠠᠴᠠ ᠪᠠᠨ ᠪᠣᠳᠠᠲᠠᠢ ᠠᠳᠬᠤᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠠᠮᠤᠷ ᠲᠣᠭᠲᠠᠭᠤᠨ ᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃      ᠬᠤᠷᠠᠯ ᠠᠴᠠ ᠳ᠋ᠢᠩ ᠰᠢᠤ ᠹᠧᠩ ᠱᠦᠵᠢ᠂ ᠵᠠᠩ ᠷᠦᠢ ᠬᠤᠳᠠ ᠶᠢᠨ ᠳᠠᠷᠤᠭ᠎ᠠ ᠶᠢᠨ ᠵᠢᠥ ᠶᠤᠸᠠᠨ ᠲᠣᠭᠤᠷᠢᠭ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠳ᠋ᠢᠩ ᠰᠢᠤ ᠹᠧᠩ ᠱᠦᠵᠢ ᠶᠢᠨ ︽ᠬᠤᠶᠠᠷ ᠬᠤᠪᠣᠷ ᠰᠢᠷᠣᠢ ᠶᠢᠨ ᠰᠠᠭᠤᠷᠢᠨ︾ ᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠲᠡᠷᠡ ᠠᠵᠤ ᠦᠢᠯᠡᠰ ᠤᠨ ᠰᠦᠷᠦᠭᠵᠢᠯ ᠤᠨ ᠬᠥᠭᠵᠢᠯᠲᠡ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠢᠨ᠎ᠡ ᠪᠠᠷ ᠮᠠᠨᠳᠤᠭᠰᠠᠨ ᠪᠤᠶᠢᠵᠢᠯᠲᠠ ᠶᠢᠨ ᠬᠡᠯᠪᠡᠷᠢ ᠶᠢᠨ ᠲᠦᠷᠦᠯ ᠵᠦᠢᠯ ᠳᠤ ᠠᠩᠬᠠᠷᠤᠯ ᠳᠠᠯᠪᠢᠵᠥ᠂ ᠠᠵᠤ ᠦᠢᠯᠡᠰ ᠤᠨ ᠪᠦᠬᠦ ᠬᠡᠯᠬᠢᠶ᠎ᠡ ᠶᠢᠨ ᠲᠣᠭᠤᠷᠢᠨ ᠳᠤ ᠠᠷᠠᠯᠵᠢᠶᠠᠴᠢᠨ ᠤᠷᠢᠬᠤ ᠶᠢ ᠣᠨᠣᠪᠴᠢᠳᠠᠢ ᠥᠷᠨᠢᠭᠦᠯᠬᠦ ᠬᠡᠷᠡᠭᠲᠡᠢ ᠬᠡᠵᠥ ᠴᠢᠬᠤᠯᠠᠴᠢᠯᠠᠪᠠ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠᠬᠢ  ᠬᠥᠴᠢᠷ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠵᠦ᠂ ᠭᠦᠨᠵᠡᠭᠡᠢ ᠵᠠᠳᠠᠯᠵᠤ᠂ ᠳᠥᠷᠥᠯ ᠵᠦᠢᠯ ᠤᠨ ᠪᠠᠶᠢᠭᠤᠯᠤᠯᠳᠠ ᠳᠣᠮᠳᠠᠬᠢ ᠬᠥᠴᠢᠷᠳᠠᠯ ᠳᠥᠭᠵᠢᠷᠡᠯ ᠢ ᠢᠳᠡᠪᠬᠢᠲᠡᠢ ᠪᠠᠷ ᠬᠦᠳᠦᠯᠦᠨ ᠵᠢᠯᠣᠭᠤᠳᠴᠤ᠂ ᠠᠵᠤ ᠠᠬᠤᠶᠢᠯᠠᠯ ᠳᠤ ᠦᠢᠯᠡᠴᠢᠯᠡᠬᠦ ᠶᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ᠶᠢ ᠪᠠᠲᠤᠯᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠠᠭᠠᠭᠠᠴᠠ ᠶᠢ ᠳᠡᠭᠡᠭᠰᠢᠯᠡᠭᠦᠯᠵᠦ᠂ ᠬᠠᠷᠠᠯᠲᠠ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠰᠦᠨ ᠱᠤᠤ ᠴᠧᠩ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠳᠡᠭᠡᠳᠦ ᠬᠡᠮᠵᠢᠶ᠎ᠡ ᠪᠠᠷ ᠬᠥᠨᠳᠥᠳᠬᠡᠨ ᠦᠵᠡᠵᠥ᠂ ᠵᠠᠰᠠᠭ ᠵᠠᠬᠢᠷᠭᠠᠨ ᠤ ᠰᠡᠳᠬᠢᠬᠦᠢ ᠪᠠᠨ ᠬᠤᠪᠢᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠳᠦᠯ ᠴᠢᠳᠠᠪᠬᠢ ᠪᠠᠨ ᠳᠡᠭᠡᠭᠰᠢᠯᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠪᠣᠯᠤᠨ ᠣᠷᠣᠨ ᠨᠤᠲᠤᠭ ᠤᠨ ᠠᠵᠤ ᠠᠬᠤᠢ ᠶᠢ ᠵᠡᠷᠭᠡᠪᠡᠷ ᠬᠥᠭᠵᠢᠭᠦᠯᠵᠦ᠂ ᠬᠠᠷᠢᠯᠴᠠᠨ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠳ᠋ᠢᠩ ᠰᠢᠤ ᠹᠧᠩ ᠱᠦᠵᠢ ᠶᠢᠨ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ 6 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠰᠢᠭᠤᠨ ᠤ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢ ᠰᠣᠨᠣᠰᠴᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠱᠤᠭᠤᠮ ᠤᠨ ᠶᠠᠰᠤ ᠴᠢᠨᠠᠷ ᠢ ᠳᠡᠭᠡᠭᠰᠢᠯᠡᠭᠦᠯᠬᠦ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾ ᠶᠢ ᠪᠥᠬᠦ ᠲᠠᠯ᠎ᠠ ᠪᠠᠷ ᠲᠤᠭᠤᠰᠢᠯᠠᠭᠤᠯᠬᠤ ᠮᠡᠳᠡᠭᠳᠡᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ᠂ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠰᠢᠵᠢᠮ ᠢ ᠴᠢᠩᠭ᠎ᠠ ᠠᠳᠬᠤᠵᠤ᠂ ᠪᠤᠭᠤᠲᠤ ᠬᠤᠳᠠ ᠶᠢᠨ ᠡᠭᠦᠷᠭᠡ ᠶᠢᠨ ᠨᠠᠷᠢᠨ ᠲᠠᠩᠰᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠯᠢ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ᠂ ︽ᠡᠪᠡᠰᠦ ᠭᠡᠷᠡᠯ ᠤᠨ ᠬᠠᠷᠢᠯᠴᠠᠨ ᠨᠥᠬᠦᠪᠥᠷᠢᠯᠡᠬᠦ︾ ᠲᠤᠷᠰᠢᠯᠲᠠ ᠶᠢᠨ ᠴᠡᠭ ᠢ ᠲᠡᠮᠡᠴᠡᠨ ᠤᠯᠬᠤ᠂ ᠪᠣᠭᠤᠮᠲᠠ ᠶᠢᠨ ᠪᠦᠳᠦᠭᠡᠨ ᠪᠠᠶᠢᠭᠤᠯᠤᠯᠲᠠ ᠵᠡᠷᠭᠡ ᠪᠣᠳᠠᠲᠠᠢ ᠠᠵᠢᠯ ᠢ ᠲᠦᠷᠭᠡᠳᠬᠡᠨ ᠠᠬᠢᠭᠤᠯᠵᠤ᠂ ᠡᠯ᠎ᠡ ᠵᠦᠢᠯ ᠤᠨ ᠠᠵᠢᠯ ᠢ ᠨᠢᠭᠲᠠ ᠭᠤᠣᠯᠳᠠᠭᠤᠯᠵᠤ᠂ ᠡᠨᠡ ᠬᠦ ᠭᠤᠣᠯ ᠱᠤᠭᠤᠮ ᠠᠴᠠ ᠥᠴᠦᠬᠡᠨ ᠴᠦ ᠵᠠᠶᠢᠳᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠦᠨᠳᠦᠰᠦᠲᠡᠨ ᠤ ᠪᠦᠯᠬᠦᠮᠳᠡᠯ᠂ ᠱᠠᠰᠢᠨ ᠰᠤᠷᠲᠠᠬᠤᠨ ᠤ ᠡᠶ᠎ᠡ ᠵᠣᠬᠢᠴᠠᠯ᠂ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠶ᠃      ᠬᠤᠷᠠᠯ ᠠᠴᠠ ᠮᠠᠨ ᠤ ᠬᠤᠰᠢᠭᠤᠨ ᠤ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠠᠮᠠᠷᠠᠭᠤᠯᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ᠂ ᠨᠤᠲᠤᠭ ᠪᠡᠯᠴᠢᠭᠡᠷ ᠤᠨ ᠬᠡᠳᠥ ᠪᠡᠯᠴᠢᠭᠡᠷᠯᠡᠭᠦᠯᠭᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠳᠠᠬᠢᠨ ᠠᠰᠢᠭᠯᠠᠯᠳᠡ ᠶᠢ ᠲᠦᠷᠭᠡᠳᠬᠡᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠰᠢᠰᠲ᠋ᠧᠮ ᠲᠠᠢ ᠪᠠᠷ ᠵᠠᠰᠠᠬᠤ᠂ ᠶᠡᠷᠦᠩᠬᠡᠶ ᠰᠦᠪᠡᠭᠴᠢᠯᠡᠬᠦ ᠶᠢ ᠪᠠᠷᠢᠮᠲᠠᠯᠠᠵᠤ᠂ ᠮᠠᠯᠴᠢᠨ ᠲᠠᠷᠢᠶᠠᠴᠢᠨ ᠢ ᠬᠥᠲᠥᠯᠥᠨ ᠵᠢᠯᠣᠭᠤᠳᠴᠤ ᠪᠠᠶᠢᠭᠠᠳ ᠤᠯᠠᠮᠵᠢᠯᠠᠯᠲᠤ ᠰᠡᠳᠬᠢᠬᠦᠶ ᠶᠢᠨ ᠠᠷᠭ᠎ᠠ ᠮᠠᠶ᠋ᠢᠭ ᠢ ᠨᠢ ᠬᠤᠪᠢᠷᠠᠭᠤᠯᠵᠤ᠂ ᠨᠢᠭᠡᠳᠦᠯᠲᠡᠶ ᠲᠡᠵᠢᠭᠡᠵᠦ ᠬᠠᠮᠲᠤ ᠪᠠᠷ ᠪᠠᠶᠠᠵᠢᠬᠤ᠂ ᠨᠠᠮ ᠤᠨ ᠡᠭᠦᠷ ᠬᠤᠷᠰᠢᠶ᠎ᠠ ᠶᠢ ᠳᠠᠭᠠᠭᠤᠯᠤᠨ ᠡᠷᠭᠢᠯᠡᠬᠦ ᠵᠡᠷᠭᠡ ᠰᠢᠨ᠎ᠡ ᠬᠡᠯᠪᠡᠷᠢ ᠶᠢᠨ ᠬᠥᠭᠵᠢᠯᠲᠡ ᠶᠢᠨ ᠵᠠᠭᠪᠤᠷ ᠢ ᠳᠡᠯᠭᠡᠷᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠳᠠᠶᠢᠴᠢᠯᠠᠬᠤ ᠴᠢᠳᠠᠪᠤᠷᠢ ᠶᠢ ᠠᠭᠠᠵᠢᠮ ᠢᠶᠠᠷ ᠳᠡᠭᠡᠭᠰᠢᠯᠡᠭᠦᠯᠬᠦ ᠬᠡᠷᠡᠭᠲᠡᠶ᠃ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠤᠬᠠᠭᠤᠯᠬᠤ᠂ ᠲᠠᠶᠢᠯᠪᠤᠷᠢᠯᠠᠬᠤ᠂ ᠨᠠᠶᠢᠳᠠᠪᠤᠷᠢᠵᠢᠭᠤᠯᠬᠤ ᠠᠵᠢᠯ ᠢ ᠲᠣᠬᠢᠲᠠᠶ ᠰᠠᠶᠢᠲᠤᠷ ᠬᠢᠵᠦ᠂ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠶᠢ ᠦᠨᠡᠨ ᠬᠦ ᠪᠠᠲᠤᠯᠠᠵᠤ᠂ ᠨᠤᠲᠤᠭ ᠪᠡᠯᠴᠢᠭᠡᠷ ᠤᠨ ᠬᠡᠳᠥ ᠪᠡᠯᠴᠢᠭᠡᠷᠯᠡᠭᠦᠯᠬᠦ ᠶᠢ  ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠠᠵᠢᠯ ᠢ ᠡᠮᠬᠢ ᠵᠢᠷᠤᠮ ᠲᠠᠢ ᠥᠨᠳᠥᠷ ᠪᠦᠲᠦᠮᠵᠢᠲᠡᠶ ᠥᠷᠨᠢᠭᠦᠯᠬᠦ ᠬᠡᠷᠡᠭᠲᠡᠶ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠭᠠᠳᠠᠭᠠᠳᠤ ᠶᠠᠪᠤᠳᠠᠯ ᠤᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠬᠠᠮᠰᠠᠷ ᠠᠴᠠ ᠪᠠᠨ ᠮᠠᠨ ᠤ ᠬᠤᠰᠢᠭᠤᠨ ᠤ ᠭᠠᠳᠠᠭᠠᠳᠤ ᠶᠠᠪᠤᠳᠠᠯ ᠤᠨ ᠠᠵᠢᠯ ᠢ ᠨᠠᠮ ᠪᠠ ᠤᠯᠤᠰ ᠤᠨ ᠠᠵᠢᠯ ᠤᠨ ᠳᠣᠮᠳᠠ ᠳᠤ ᠲᠠᠯᠪᠢᠵᠤ ᠲᠥᠯᠥᠪᠵᠢᠭᠦᠯᠦᠨ ᠠᠬᠢᠭᠤᠯᠵᠤ᠂ ᠲᠡᠷᠢᠭᠦᠨ ᠤ ᠲᠤᠷᠰᠢᠯᠭ᠎ᠠ ᠶᠢ ᠬᠠᠷᠭᠤᠭᠤᠯᠤᠨ ᠰᠤᠷᠤᠯᠴᠠᠵᠤ᠂ ᠪᠣᠭᠤᠮᠲᠠ ᠶᠢᠨ ᠰᠠᠭᠤᠷᠢ ᠪᠥᠲᠥᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠨᠣᠭᠤᠭᠠᠷᠠᠭᠤᠯᠤᠯᠲᠠ ᠭᠤᠶᠣᠵᠢᠭᠤᠯᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠶᠢ ᠪᠥᠬᠦ ᠲᠠᠯ᠎ᠠ ᠪᠠᠷ ᠲᠠᠰ ᠳᠡᠪᠰᠢᠭᠦᠯᠬᠦ ᠶᠢ ᠠᠬᠢᠭᠤᠯᠵᠤ᠂ ᠭᠠᠳᠠᠭᠠᠳᠤ ᠠᠷᠠᠯᠵᠢᠶ᠎ᠠ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ ᠵᠡᠷᠭᠡ ᠰᠠᠭᠤᠷᠢ ᠶᠢ ᠲᠡᠭᠦᠯᠳᠡᠷᠵᠢᠭᠦᠯᠵᠦ ᠂ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠡᠳ᠋ᠰᠢᠭᠦᠯᠬᠦ ᠠᠵᠤ ᠦᠢᠯᠡᠰ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠵᠦ᠂ ︽ᠠᠵᠤ ᠠᠬᠤᠶ ᠶᠢᠨ ᠨᠡᠪᠲᠡᠷᠡᠬᠦ ᠵᠠᠮ︾ ᠠᠴᠠ ︽ᠨᠡᠪᠲᠡᠷᠡᠯ ᠵᠠᠮ ᠤᠨ ᠠᠵᠤ ᠠᠬᠤᠶ︾ ᠳᠠᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠶ᠃ ᠠᠵᠤ ᠠᠬᠤᠶ ᠠᠷᠠᠯᠵᠢᠶ᠎ᠠ᠂ ᠰᠣᠶᠣᠯ᠂ ᠵᠢᠭᠤᠯᠴᠢᠯᠠᠯ ᠵᠡᠷᠭᠡ ᠲᠠᠯ᠎ᠠ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠨᠵᠡᠭᠡᠶ ᠠᠭᠤᠳᠠᠯᠵᠤ᠂ ᠭᠠᠳᠠᠭᠠᠳᠤ  ᠲᠠᠢ ᠰᠣᠯᠢᠯᠴᠠᠭ᠎ᠠ ᠬᠠᠮᠲᠤᠷᠠᠯᠴᠠᠭ᠎ᠠ ᠪᠠᠨ ᠪᠥᠬᠦ ᠬᠦᠴᠦᠨ ᠢᠶᠠᠷ ᠢᠶᠠᠨ ᠥᠷᠭᠡᠳᠬᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃      ᠬᠤᠷᠠᠯ ᠠᠴᠠ ᠮᠠᠨ ᠤ ᠬᠤᠰᠢᠭᠤᠨ ᠤ ᠳᠡᠭᠡᠷ᠎ᠡ ᠬᠠᠭᠠᠰ ᠵᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠠᠶᠤᠯᠭᠦᠢ ᠦᠢᠯᠡᠳᠪᠦᠷᠢᠯᠡᠯ ᠤᠨ ︽ᠬᠤᠷᠢᠭ᠎ᠠ ᠱᠤᠭᠤᠮ︾ ᠤᠨ ᠤᠬᠠᠮᠰᠠᠷ ᠪᠣᠯᠤᠨ ︽ᠤᠯᠠᠭᠠᠨ ᠱᠤᠭᠤᠮ︾ ᠤᠨ ᠤᠬᠠᠮᠰᠠᠷ ᠢ ᠪᠠᠲᠤ ᠪᠣᠯᠭᠠᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭ᠎ᠠ ᠪᠣᠳᠠᠲᠠᠢ ᠠᠳᠬᠤᠵᠤ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠠᠰᠠᠭᠤᠳᠠᠯ᠂ ᠴᠢᠬᠤᠯᠠ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠨ ᠵᠠᠰᠠᠬᠤ ᠶᠢ ᠴᠢᠩᠭᠠᠳᠬᠠᠵᠤ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠴᠠᠭ ᠲᠤᠨᠢ ᠲᠤᠬᠢᠷᠠᠭᠤᠯᠤᠨ ᠪᠣᠯᠪᠠᠰᠤᠷᠠᠯ ᠰᠣᠷᠢᠯᠲᠠ ᠶᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ 2024 ᠣᠨ ᠤ ᠠᠵᠢᠯ ᠤᠨ ᠭᠤᠣᠯᠳᠠᠯᠭ᠎ᠠ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠠᠯᠪᠠᠨ ᠭᠡᠷ ᠤᠨ ᠠᠵᠢᠯ ᠤᠨ ᠨᠠᠷᠢᠨ ᠳᠦᠷᠢᠮ︾ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠠᠵᠢᠯ ᠤᠨ ᠲᠦᠷᠢᠮ︾ ᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号