ᠮᠠᠰᠢᠨ ᠲᠡᠷᠭᠡ ᠬᠤᠳᠠᠯᠳᠤᠨ ᠠᠪᠬᠤ ᠳᠤ ᠨᠥᠬᠦᠪᠥᠷᠢ ᠲᠠᠢ︕ 6 ᠰᠠᠷ᠎ᠠ ᠶᠢᠨ 21 ᠤ ᠡᠳᠦᠷ ᠠᠴᠠ 6 ᠰᠠᠷ᠎ᠠ ᠶᠢᠨ 23 ᠤ ᠡᠳᠦᠷ ᠪᠣᠯᠲᠠᠯᠠᠬᠢ ᠣᠷᠳᠣᠰ ᠤᠨ ᠮᠠᠰᠢᠨ ᠲᠡᠷᠭᠡᠨ ᠤ ᠦᠵᠡᠭᠦᠯᠭᠡ ᠠᠴᠠ ᠪᠢᠳᠡᠭᠡᠢ ᠬᠤᠴᠤᠷᠤᠭᠠᠷᠠᠢ
ᠨᠡᠶᠢᠲᠡᠯᠡᠭᠰᠡᠨ ᠴᠠᠭ᠄
2024/6/22
      ︽ᠥᠪᠥᠷ ᠮᠣᠩᠭᠤᠯ ᠤᠨ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ︿2024 ᠣᠨ﹀ ᠤ ᠬᠡᠷᠡᠭᠯᠡᠭᠡ ᠶᠢ ᠠᠬᠢᠭᠤᠯᠬᠤ ᠣᠨ ᠤ ᠠᠵᠢᠯᠯᠠᠭ᠎ᠠ ᠶᠢᠨ ᠲᠥᠰᠦᠯ︾ ᠢ ᠰᠠᠶᠢᠲᠤᠷ ᠨᠠᠶᠢᠳᠠᠪᠤᠷᠢᠵᠢᠭᠤᠯᠵᠤ᠂ ᠬᠡᠷᠡᠭᠯᠡᠭᠡ ᠶᠢ ᠤᠯᠠᠮ ᠴᠢᠨᠠᠬᠰᠢᠳᠠ ᠳᠠᠶᠢᠴᠢᠯᠠᠬᠤ ᠶᠢᠨ ᠲᠥᠯᠥᠭᠡ᠂ 2024 ᠣᠨ ᠤ 6 ᠰᠠᠷ᠎ᠠ ᠶᠢᠨ 21 ᠤ ᠡᠳᠦᠷ ᠠᠴᠠ 6 ᠰᠠᠷ᠎ᠠ ᠶᠢᠨ 23 ᠤ ᠡᠳᠦᠷ ᠪᠣᠯᠲᠠᠯ᠎ᠠ ᠳ᠋ᠦᠩᠱᠧᠩ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ ᠡᠮᠦᠨ᠎ᠡ ᠠᠭᠤᠳᠠᠮ ᠲᠠᠯᠠᠪᠠᠶ ᠳᠤ ᠮᠠᠰᠢᠨ ᠲᠡᠷᠭᠡᠨ ᠤ ᠦᠵᠡᠭᠦᠯᠭᠡ ᠡᠷᠭᠢᠯᠡᠬᠦ ᠪᠠᠷ ᠲᠣᠭᠲᠠᠪᠠ᠃ ᠠᠵᠢᠯᠯᠠᠭ᠎ᠠ ᠶᠢᠨ ᠬᠤᠭᠤᠴᠠᠭᠠᠨ ᠳᠤ ᠮᠠᠰᠢᠨ ᠲᠡᠷᠭᠡ ᠬᠤᠳᠠᠯᠳᠤᠨ ᠠᠪᠤᠪᠠᠯ ᠬᠤᠲᠠ᠂ ᠲᠣᠭᠤᠷᠢᠭ ᠬᠤᠶᠠᠷ ᠱᠠᠲᠤᠨ ᠤ ᠳᠠᠪᠬᠤᠷ ᠨᠥᠬᠦᠪᠥᠷᠢ ᠶᠢ ᠭᠥᠷᠳᠡᠵᠦ᠂ ᠬᠠᠮᠤᠭ ᠤᠨ ᠥᠨᠳᠥᠷ ᠲᠡᠭᠡᠨ 16000 ᠲᠥᠭᠦᠷᠢᠭ ᠭᠥᠷᠳᠡᠬᠦ ᠪᠣᠯᠤᠨ᠎ᠠ᠃      2024 ᠣᠨ ᠤ 6 ᠰᠠᠷ᠎ᠠ ᠶᠢᠨ 21 ᠤ ᠡᠳᠦᠷ ᠠᠴᠠ 6 ᠰᠠᠷ᠎ᠠ ᠶᠢᠨ 23 ᠤ ᠡᠳᠦᠷ ᠪᠣᠯᠲᠠᠯ᠎ᠠ ᠳ᠋ᠦᠩᠱᠧᠩ ᠲᠣᠭᠤᠷᠢᠭ ᠤᠨ ᠮᠠᠰᠢᠨ ᠲᠡᠷᠭᠡᠨ ᠤ ᠦᠵᠡᠭᠦᠯᠭᠡ ᠡᠷᠭᠢᠯᠡᠬᠦ ᠬᠤᠭᠤᠴᠠᠭᠠᠨ ᠳᠤ᠂ ᠠᠵᠢᠯᠯᠠᠭ᠎ᠠ ᠳᠤ ᠣᠷᠣᠯᠴᠠᠭᠰᠠᠨ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠠᠴᠠ 7 ᠰᠠᠭᠤᠳᠠᠯ ︵ᠪᠠᠭᠲᠠᠨ᠎ᠠ︶ ᠠᠴᠠ ᠳᠣᠷᠣᠭᠰᠢᠬᠢ ᠰᠠᠭᠤᠳᠠᠯ  ᠲᠠᠢ ᠴᠤ᠋ ᠰᠢᠨ᠎ᠡ ᠮᠠᠰᠢᠨ ᠲᠡᠷᠭᠡ ᠬᠤᠳᠠᠯᠳᠤᠨ ᠠᠪᠤᠬᠰᠠᠨ ᠤ ᠬᠠᠮᠲᠤ ᠲᠣᠰ ᠭᠠᠵᠠᠷ ᠤᠨ ᠮᠠᠰᠢᠨ ᠲᠡᠷᠭᠡ ᠪᠣᠷᠣᠯᠠᠭᠤᠯᠤᠭᠰᠠᠨ ᠨᠢᠭᠡᠳᠦᠯᠲᠡᠶ ᠪᠠᠷᠢᠮᠲᠠ ᠶᠢ ᠭᠠᠷᠭᠠᠵᠤ ᠥᠭᠬᠦ ᠪᠦᠬᠡᠳ ᠲᠣᠰ ᠭᠠᠵᠠᠷ ᠤᠨ ᠫᠠᠶᠢᠰᠠ ᠦᠨᠡᠮᠯᠡᠯ ᠤᠯᠭᠤᠵᠤ᠂ ᠮᠠᠰᠢᠨ ᠲᠡᠷᠭᠡ ᠬᠤᠳᠠᠯᠳᠤᠨ ᠠᠪᠤᠭᠰᠠᠨ ᠵᠣᠭᠤᠰ ᠤᠨ ᠲᠤᠭ᠎ᠠ ᠨᠢ 10 ᠲᠦᠮᠡ ᠲᠦᠭᠦᠷᠢᠭ  ᠠᠴᠠ ᠳᠣᠷᠣᠭᠰᠢ᠂ 10 —20 ᠲᠦᠮᠡᠨ ᠲᠥᠭᠦᠷᠢᠭ᠂ 20 ᠲᠦᠮᠡᠨ ᠲᠥᠭᠦᠷᠢᠭ ᠠᠴᠠ ᠳᠡᠭᠡᠭᠰᠢ ᠪᠠᠶᠢᠬᠤ ᠳᠤ ᠬᠦᠷᠪᠡᠯ ᠲᠣᠰ ᠲᠣᠰ 3000 ᠲᠥᠭᠦᠷᠢᠭ᠂ 4000 ᠲᠥᠭᠦᠷᠢᠭ᠂ 5000 ᠲᠥᠭᠦᠷᠢᠭ ᠤᠨ ᠭᠤᠷᠪᠠᠨ ᠳᠡᠰ ᠤᠨ ᠨᠥᠬᠦᠪᠥᠷᠢ ᠪᠠᠯᠠ ᠮᠥᠩᠭᠦ ᠭᠤᠶᠤᠴᠢᠯᠠᠨ ᠠᠪᠴᠤ ᠪᠣᠯᠤᠨ᠎ᠠ᠃ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠳᠤ ᠬᠦᠷᠪᠡᠯ ᠳᠡᠭᠡᠷ᠎ᠡ ᠳᠤᠷᠠᠳᠤᠭᠰᠠᠨ ᠨᠥᠬᠦᠪᠥᠷᠢ ᠶᠢᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ ᠲᠡᠷᠭᠡ ᠪᠦᠷᠢ ᠳᠤ 1000 ᠲᠥᠭᠦᠷᠢᠭ ᠤᠨ ᠨᠥᠬᠦᠪᠥᠷᠢ ᠨᠡᠮᠡᠵᠦ ᠥᠭᠭᠦᠨ᠎ᠡ᠃
 
ᠢᠷᠡᠯᠲᠡ᠄ ᠠᠷᠡᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号