ᠵᠢᠶᠠ ᠪᠦᠦ ᠯᠢᠶᠠᠩ ᠪᠡᠭᠡᠵᠢᠩ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/6/23
      6 ᠰᠠᠷ᠎ᠠ ᠶᠢᠨ 21 ᠤ ᠡᠳᠦᠷ ᠠᠴᠠ 22 ᠤᠨ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠪᠡᠭᠡᠵᠢᠩ ᠳᠤ ᠬᠦᠷᠴᠦ ᠬᠤᠳᠠᠯᠳᠤᠭᠠᠴᠢᠨ ᠤᠷᠢᠵᠤ ᠳ᠋ᠦᠩ ᠹᠠᠩ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠥᠪ᠂ ᠰᠢᠨᠵᠢᠶᠠᠩ ᠤᠨ ᠳᠤᠮᠳᠠᠳᠤ ᠤᠯᠤᠰ ᠤᠨ ᠠᠩᠬᠠᠨ ᠤ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢ ᠰᠢᠨᠵᠢᠯᠡᠨ ᠪᠠᠶᠢᠴᠠᠭᠠᠪᠠ       ᠳ᠋ᠦᠩ ᠹᠠᠩ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠥᠪ ᠲᠤ᠂ ᠵᠢᠶᠠ ᠪᠦᠦ ᠯᠢᠶᠠᠩ ᠵᠢᠶᠠᠩ ᠬᠤᠩ ᠴᠧᠩ ᠨᠠᠷᠢᠨ ᠪᠢᠴᠢᠭ ᠤᠨ ᠳᠠᠷᠤᠭ᠎ᠠ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠵᠢᠶᠠ ᠪᠦᠦ ᠯᠢᠶᠠᠩ ᠢᠯᠡᠷᠬᠡᠶᠢᠯᠡᠬᠦ ᠳᠡᠭᠡᠨ᠂ ᠳ᠋ᠦᠩ ᠹᠠᠩ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠥᠪ ᠪᠣᠯ ᠪᠥᠬᠦ ᠤᠯᠤᠰ ᠤᠨ ᠳᠠᠭᠠᠭᠤᠯᠤᠭᠴᠢ ᠣᠶᠤᠨ ᠤ ᠬᠥᠮᠥᠷᠭᠡ ᠶᠢᠨ ᠲᠠᠪᠴᠠᠩ ᠮᠥᠨ᠂ ᠡᠯᠧᠺᠲᠷᠤᠨ ᠮᠡᠳᠡᠭᠡ ᠵᠠᠩᠭᠢ ᠂ ᠣᠶᠤᠨᠴᠢ ᠦᠢᠯᠡᠳᠭᠡᠯ᠂ ᠲᠣᠭᠠᠴᠢᠯᠠᠭᠰᠠᠨ ᠠᠵᠤ ᠠᠬᠤᠶ᠂ ᠨᠡᠶᠢᠳᠡᠴᠢᠯᠡᠭᠰᠡᠨ ᠡᠷᠡᠭᠦᠯ ᠮᠡᠨᠳᠦ ᠶᠢᠨ ᠠᠵᠤ ᠦᠢᠯᠡᠰ ᠵᠡᠷᠭᠡ ᠬᠦᠷᠢᠶᠡᠨ ᠳᠠᠬᠢ ᠡᠬᠢ ᠪᠠᠶᠠᠯᠢᠭ ᠤᠨ ᠳᠠᠪᠠᠭᠤᠯᠢᠭ ᠲᠣᠪᠤᠶᠢᠮ᠎ᠠ ᠪᠠᠶᠢᠳᠠᠭ᠂ ᠳ᠋ᠦᠩ ᠹᠠᠩ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠥᠪ ᠠᠴᠠ ᠲᠣᠰ ᠪᠡᠶ᠎ᠡ ᠶᠢᠨ ᠲᠠᠪᠴᠠᠩ ᠤᠨ ᠮᠡᠷᠭᠡᠵᠢᠯ᠂ ᠨᠡᠶᠢᠭᠡᠮ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠵᠤ᠂ ᠪᠣᠳᠠᠲᠠᠶ ᠶᠢ ᠡᠷᠬᠢᠮᠯᠡᠬᠦ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠮᠠᠨ ᠤ ᠬᠤᠰᠢᠭᠤᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠶ᠃      ᠰᠢᠨᠵᠢᠶᠠᠩ ᠤᠨ ᠳᠤᠮᠳᠠᠳᠤ ᠤᠯᠤᠰ ᠤᠨ ᠠᠩᠬᠠᠨ ᠤ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ᠂ ᠵᠢᠶᠠ ᠪᠦᠦ ᠯᠢᠶᠠᠩ ᠰᠢᠨᠵᠢᠶᠠᠩ ᠤᠨ ᠳᠤᠮᠳᠠᠳᠤ ᠤᠯᠤᠰ ᠤᠨ ᠠᠩᠬᠠᠨ ᠤ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠬᠤᠤ ᠭᠦᠩ ᠮᠢᠩ᠂ ᠺᠧ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠡᠳ᠋ ᠶᠡᠷᠦᠩᠬᠡᠢ ᠳᠠᠭᠠᠭᠠᠮᠠᠯ ᠵᠦ ᠪᠠᠢ ᠯᠢᠩ ᠲᠠᠢ ᠲᠣᠭᠠᠴᠢᠯᠠᠭᠰᠠᠨ ᠤᠶᠤᠨᠳᠤ ᠳᠤᠭᠤᠢᠯᠠᠪᠤᠷᠢ ᠶᠢᠨ ᠲᠦᠷᠦᠯ ᠵᠦᠢᠯ ᠢ ᠠᠬᠢᠭᠤᠯᠬᠤ ᠲᠤᠬᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠵᠢᠶᠠ ᠪᠦᠦ ᠯᠢᠶᠠᠩ ᠢᠯᠡᠷᠬᠡᠶᠢᠯᠡᠬᠦ ᠳᠡᠭᠡᠨ᠂ ᠪᠣᠬᠢᠷᠲᠤᠯ ᠥᠬᠡᠶ ᠳᠤᠭᠤᠢᠯᠠᠪᠤᠷᠢ ᠦᠢᠯᠡᠳᠬᠦ ᠠᠵᠤ ᠦᠢᠯᠡᠰ ᠪᠠᠷᠠᠭᠤᠨ ᠬᠤᠶᠢᠲᠤ ᠣᠷᠣᠨ ᠳᠤ ᠠᠵᠤ ᠦᠢᠯᠡᠰ ᠤᠨ ᠬᠤᠭᠤᠰᠤᠷᠠᠯ ᠣᠷᠣᠰᠢᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠯᠤᠲᠤ ᠶᠡᠭᠡ ᠪᠠᠶᠢᠵᠤ᠂ ᠮᠠᠨ ᠤ ᠬᠤᠰᠢᠭᠤ ᠨᠢ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠬᠦ ᠢᠷᠡᠭᠡᠳᠦᠶ ᠭᠡᠭᠡᠨ ᠰᠠᠷᠠᠭᠤᠯ ᠪᠠᠶᠢᠵᠤ᠂ ᠪᠣᠭᠤᠮᠲᠠ ᠶᠢᠨ ᠬᠦᠷᠢᠶᠡᠯᠡᠩ ᠲᠣᠭᠤᠷᠢᠭ ᠪᠠ ᠨᠡᠭᠦᠷᠡᠰᠦᠲᠥ᠋ᠷᠥᠭᠴᠢ ᠥᠬᠡᠶ ᠬᠦᠷᠢᠶᠡᠯᠡᠩ ᠲᠣᠭᠤᠷᠢᠭ ᠪᠥᠲᠥᠭᠡᠨ ᠪᠠᠶᠢᠭᠤᠯᠤᠯᠤᠳᠠ ᠶᠢ  ᠲᠦᠷᠭᠡᠨ ᠨᠠᠶᠢᠳᠠᠪᠤᠷᠢᠵᠢᠭᠤᠯᠵᠤ᠂  ᠲᠣᠭᠠᠴᠢᠯᠠᠭᠰᠠᠨ ᠤᠶᠤᠨᠳᠤ ᠳᠤᠭᠤᠢᠯᠠᠪᠤᠷᠢ ᠶᠢᠨ ᠲᠦᠷᠦᠯ ᠵᠦᠢᠯ ᠢ ᠨᠠᠶᠢᠳᠠᠪᠣᠷᠢᠵᠢᠭᠤᠯᠬᠤ ᠨᠢ᠂ ᠮᠠᠨ ᠤ ᠬᠤᠰᠢᠭᠤᠨ ᠤ ᠬᠥᠭᠵᠢᠯᠲᠡ ᠶᠢᠨ ᠴᠢᠭᠯᠡᠯ᠂ ᠳᠠᠪᠠᠭᠤᠯᠢᠭ ᠲᠠᠢ ᠳᠡᠭᠡᠳᠦ ᠬᠡᠮᠵᠢᠶ᠎ᠡ ᠪᠠᠷ ᠨᠡᠶᠢᠴᠡᠴᠢ᠃ ᠬᠤᠶᠠᠷ ᠲᠠᠯ᠎ᠠ ᠪᠠᠷ ᠢᠶᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠦᠷᠦᠯ ᠵᠦᠢᠯ ᠤᠨ ᠠᠬᠢᠴᠠ ᠶᠢ ᠲᠦᠷᠭᠡᠳᠬᠡᠨ ᠠᠬᠢᠭᠤᠯᠬᠤ ᠶᠢ ᠬᠦᠰᠡᠵᠦ ᠪᠠᠶᠢᠨ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠢᠨ ᠬᠡᠷᠡᠭᠯᠡᠭᠴᠢ ᠶᠢᠨ ᠰᠡᠳᠬᠢᠬᠦᠶ ᠶᠢ ᠪᠠᠲᠤ ᠪᠣᠶ ᠪᠣᠯᠭᠠᠵᠤ᠂ ᠡᠯ᠎ᠡ ᠵᠠᠩᠭᠢᠯᠠᠭ᠎ᠠ ᠪᠥᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠲᠥᠷᠥᠯ ᠵᠦᠢᠯ ᠢ ᠲᠦᠷᠭᠡᠨ ᠨᠠᠶᠢᠳᠠᠪᠤᠷᠢᠵᠢᠭᠤᠯᠵᠤ᠂ ᠡᠷᠲᠡᠬᠡᠨ ᠠᠰᠢᠭᠯᠠᠯᠲᠠ ᠣᠷᠤᠭᠤᠯᠠᠨ᠎ᠠ᠃      ᠬᠤᠰᠢᠭᠤᠨ ᠤ ᠤᠳᠤᠷᠢᠳᠤᠯᠭ᠎ᠠ ᠳ᠋ᠦᠩ ᠺᠠᠶ᠂ ᠸᠠᠩ ᡁᠢ ᠶᠦᠩ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ ᠤᠨ ᠬᠠᠷᠢᠭᠤᠴᠠᠯᠭᠠᠲᠠᠨ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号