ᠵᠢᠷᠭᠠᠯᠳᠣ ᠲᠤᠰᠬᠤᠨ ᠤ ᠪᠤᠭᠤᠳᠠᠢ ᠲᠠᠷᠢᠶᠠᠨ ᠳᠠᠬᠢ ︽ᠪᠠᠶᠠᠵᠢᠯ ᠤᠨ ᠰᠤᠳᠤᠷ︾
ᠨᠡᠶᠢᠲᠡᠯᠡᠭᠰᠡᠨ ᠴᠠᠭ᠄
2024/6/24
      ᠠᠭᠠᠭᠢᠮ᠎ᠠ ᠬᠠᠯᠠᠭᠤᠨ ᠵᠤᠨ ᠤ ᠤᠯᠠᠷᠢᠯ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠪᠠᠷᠬᠦᠷᠢᠶ᠎ᠡ ᠪᠠᠯᠭᠠᠰᠤᠨ ᠤ ᠵᠢᠷᠭᠠᠯᠳᠣ ᠲᠤᠰᠬᠤᠨ ᠤ 600 ᠮᠦ ᠪᠤᠭᠤᠳᠠᠢ ᠶᠢᠨ ᠲᠠᠷᠢᠶᠠᠨ ᠳᠤ ᠨᠢᠯᠬ᠎ᠠ ᠨᠠᠪᠴᠢ ᠰᠠᠯᠬᠢᠨ ᠤ ᠠᠶ᠎ᠠ ᠪᠠᠷ ᠬᠥᠪᠡᠯᠵᠢᠵᠥ᠂ ᠬᠥᠮᠥᠰ  ᠤᠨ ᠰᠡᠳᠬᠢᠯ ᠢ ᠪᠠᠶᠠᠰᠬᠠᠨ᠎ᠠ᠃ ᠲᠠᠷᠢᠶᠠᠨ ᠤ ᠳᠣᠮᠳᠠ᠂ ᠳᠣᠰᠬᠤᠨ  ᠤ ᠨᠠᠮ ᠤᠨ ᠬᠤᠷᠢᠶᠠᠨ ᠤ ᠱᠥᠵᠢ  ᠪᠥᠭᠡᠳ ᠳᠣᠰᠬᠤᠨ ᠤ ᠵᠥᠪᠯᠡᠯ ᠤᠨ ᠡᠷᠬᠢᠯᠡᠭᠴᠢ ᠯᠢᠶᠠᠩ ᠢᠦᠢ ᠮᠢᠩ ᠳᠣᠰᠬᠤᠨ ᠤ ᠬᠥᠮᠥᠰ ᠲᠠᠢ ᠬᠠᠮᠳᠥ᠂ ᠪᠤᠭᠤᠳᠠᠢ ᠲᠠᠷᠢᠶᠠᠨ ᠤ ᠡᠳᠦᠷ ᠲᠤᠳᠤᠮ ᠤᠨ ᠬᠠᠷᠠᠭᠠᠯᠵᠠᠯᠠᠯ ᠬᠠᠮᠢᠶᠠᠷᠤᠯᠲᠠ  ᠶᠢᠨ ᠠᠵᠢᠯ ᠬᠢᠵᠤ᠂ ᠳᠡᠳᠠᠨ ᠤ ᠣᠳᠣᠬᠢ ᠱᠠᠲᠤᠨ ᠤ  ᠭᠤᠣᠯ ᠡᠭᠦᠷᠭᠡ ᠪᠣᠯ ᠪᠤᠵᠠᠷ ᠡᠪᠡᠰᠦ ᠶᠢ ᠠᠷᠢᠯᠭᠠᠵᠤ᠂ ᠪᠤᠭᠤᠳᠠᠢ ᠶᠢᠨ ᠴᠢᠬᠢ ᠶᠢᠨ ᠤᠷᠭᠤᠯᠲᠠ ᠶᠢ ᠰᠠᠶᠢᠲᠤᠷ ᠬᠠᠮᠠᠭᠠᠯᠠᠵᠤ  ᠶᠠᠪᠤᠳᠠᠯ ᠪᠤᠯᠤᠨ᠎ᠠ᠃      ᠡᠨᠡ ᠵᠢᠯ᠂ ᠰᠢᠪᠠᠷᠬᠦᠷᠢᠶ᠎ᠡ ᠪᠠᠯᠭᠠᠰᠤᠨ ᠤ ᠵᠢᠷᠭᠠᠯᠳᠣ ᠲᠤᠰᠬᠤᠨ ᠨᠢ ︽ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠵᠢᠱᠢᠶ᠎ᠡ ᠦᠵᠡᠭᠦᠯᠦᠨ ᠳᠡᠯᠭᠡᠷᠡᠭᠦᠯᠬᠦ᠂ ᠵᠠᠯᠭᠠᠯᠳᠤᠭᠤᠯᠤᠨ ᠳᠠᠷᠢᠬᠤ︾ ᠰᠡᠳᠬᠢᠮᠵᠢ ᠪᠠᠷ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠨᠢᠭᠡᠳᠦᠯᠲᠡᠶ ᠳᠠᠷᠢᠵᠤ ᠬᠠᠮᠲᠤ ᠪᠠᠷ ᠪᠠᠶᠠᠵᠢᠬᠤ︾ ᠲᠠᠷᠢᠶ᠎ᠠ ᠳᠠᠷᠢᠬᠤ ᠰᠢᠨ᠎ᠡ ᠬᠡᠪ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ︽ᠲᠠᠷᠢᠶᠠᠴᠢᠨ ᠡᠷᠦᠬᠡ+ ᠳᠣᠰᠬᠤᠨ ᠤ ᠵᠥᠪᠯᠡᠯ+ ᠬᠤᠷᠰᠢᠶᠠᠵᠢᠯ︾ ᠪᠠᠷ ᠳᠠᠮᠵᠢᠭᠤᠯᠤᠨ᠂ 40 ᠭᠠᠷᠤᠶ ᠡᠷᠦᠬᠡ ᠶᠢᠨ ᠲᠠᠷᠢᠶᠠᠴᠢᠳ ᠢ ᠳᠠᠶᠢᠴᠢᠯᠠᠵᠤ᠂ 600 ᠭᠠᠷᠤᠶ ᠣᠷᠭᠠᠨᠢᠭ ᠵᠢᠵᠢᠭ ᠤᠯᠠᠭᠠᠨ ᠬᠠᠯᠢᠰᠤᠨ ᠪᠤᠭᠤᠳᠠᠶ ᠶᠢ ᠳᠠᠷᠢᠵᠤ᠂ ᠨᠠᠮ ᠤᠨ ᠪᠠᠶᠢᠭᠤᠯᠤᠯᠲᠠ ᠪᠠᠷ ᠬᠥᠳᠥᠯᠥᠨ ᠳᠠᠭᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠰᠢᠨ᠎ᠡ ᠵᠠᠮ ᠢᠶᠠᠷ ᠵᠠᠮᠨᠠᠭᠰᠠᠨ ᠪᠠᠶᠢᠨ᠎ᠠ᠃      ᠲᠣᠰᠬᠤᠨ ᠤ ᠠᠷᠠᠳ ᠭᠦᠸᠧ ᠰᠧ ᠽᠢ ᠡᠨᠡ ᠵᠢᠯ 40 ᠭᠠᠷᠤᠢ ᠮᠦ ᠵᠢᠵᠢᠭ ᠤᠯᠠᠭᠠᠨ ᠬᠠᠯᠢᠰᠤᠨ ᠪᠤᠭᠤᠳᠠᠢ ᠲᠠᠷᠢᠵᠤ᠂ ᠤᠷᠭᠤᠴᠠ ᠳᠤᠩ ᠰᠠᠶᠢᠨ ᠪᠠᠶᠢᠵᠤ᠂ ᠲᠠᠷᠡ ᠳᠣᠩ ᠪᠠᠶᠡᠷᠳᠠᠢ ᠪᠠᠷ᠄ ︽ᠬᠠᠮᠳᠣ ᠪᠠᠷ ᠢᠶᠠᠨ ᠤᠯᠠᠭᠠᠨ ᠬᠠᠯᠢᠰᠤᠨ ᠪᠤᠭᠤᠳᠠᠢ ᠶᠢ ᠨᠢᠭᠡᠳᠦᠯᠲᠡᠢ ᠲᠠᠷᠢᠬᠤ ᠨᠢ ᠪᠢᠳᠡᠨ ᠤ ᠣᠷᠣᠯᠭ᠎ᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠮᠠᠨ ᠤ ᠲᠠᠷᠢᠶᠠᠴᠢᠨ ᠡᠷᠦᠬᠡ ᠳᠤ ᠳᠤᠩ ᠣᠯᠠᠨ ᠳᠥᠭᠦᠮ ᠠᠪᠴᠢᠷᠠᠭᠰᠠᠨ ᠪᠠᠶᠢᠨ᠎ᠠ᠂ ᠡᠨᠡ ᠬᠦ ᠲᠠᠷᠢᠮᠠᠯ ᠤᠨ ᠵᠠᠭᠪᠤᠷ ᠮᠠᠰᠢ ᠰᠠᠶᠢᠨ ᠪᠠᠶᠢᠵᠤ᠂ ᠨᠠᠮᠤᠷ ᠳᠤ ᠯᠡᠪᠳᠠᠢ ᠰᠠᠶᠢᠨ ᠬᠤᠷᠢᠶᠠᠯᠲᠠ ᠣᠯᠤᠨ᠎ᠠ︾ ᠭᠡᠵᠦ ᠰᠤᠷᠪᠤᠯᠵᠢᠯᠠᠭᠴᠢ ᠳᠤ ᠬᠡᠯᠡᠪᠡ       ᠵᠠᠯᠭᠠᠯᠳᠤᠭᠤᠯᠤᠨ ᠳᠠᠷᠢᠬᠤ ᠨᠢ᠂  ᠬᠡᠰᠡᠭ ᠪᠤᠰᠠᠭ ᠳᠠᠷᠢᠶ᠎ᠠ ᠶᠢ ᠨᠡᠶᠢᠯᠡᠭᠦᠯᠦᠨ ᠬᠠᠭᠠᠯᠪᠤᠷᠢᠯᠠᠵᠤ᠂ ᠶᠡᠭᠡ ᠬᠡᠪᠴᠢᠶ᠎ᠡ ᠲᠠᠢ ᠳᠡᠭᠰᠢᠬᠡᠨ ᠲᠠᠷᠢᠶᠠᠨ ᠭᠠᠵᠠᠷ ᠪᠤᠯᠭᠠᠵᠤ᠂ ᠮᠠᠰᠢᠨᠴᠢᠯᠠᠨ ᠲᠠᠷᠢᠶᠠᠯᠬᠤ ᠳᠤ ᠳᠥᠭᠦᠮ ᠦᠵᠡᠭᠦᠯᠬᠦ ᠪᠠᠷ ᠪᠠᠷᠠᠬᠤ ᠥᠭᠡᠢ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠬᠠᠮᠲᠤ ᠲᠠᠷᠢᠶᠠᠴᠢᠨ ᠡᠷᠦᠬᠡ ᠶᠢᠨ ᠲᠠᠷᠢᠶᠠᠯᠠᠬᠤ ᠥᠪᠡᠷ ᠤᠨ ᠥᠷᠲᠡᠭ ᠢ ᠪᠠᠭᠤᠷᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠢ ᠨᠡᠩ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠣᠯᠭᠠᠪᠠ᠃ ᠵᠢᠷᠭᠠᠯᠳᠣ ᠲᠤᠰᠬᠤᠨ ᠨᠡᠮ ᠤᠨ ᠡᠭᠦᠷ ᠤᠨ ᠱᠦᠵᠢ ᠪᠥᠭᠡᠳ ᠲᠣᠰᠬᠤᠨ ᠤ  ᠵᠥᠪᠯᠡᠯ ᠤᠨ ᠡᠷᠬᠢᠯᠡᠭᠴᠢ ᠯᠢᠶᠠᠩ ᠢᠦᠢ ᠮᠢᠩ ᠰᠤᠷᠪᠤᠯᠵᠢᠯᠠᠭᠴᠢ ᠳᠤ᠄ ︽ᠡᠨᠡ ᠵᠢᠯ ᠳᠣᠰᠬᠤᠨ ᠤ ᠨᠠᠮ ᠤᠨ ᠡᠭᠦᠷ ᠨᠢ ᠳ᠋ᠧᠡᠭ ᠭᠧ ᠲᠣᠰᠬᠤᠨ  ᠲᠠᠢ ᠬᠠᠮᠳᠣᠷᠠᠵᠤ᠂ ᠨᠢᠭᠡᠳᠦᠯᠲᠡᠢ ᠲᠥᠯᠥᠪᠵᠢᠭᠦᠯᠬᠦ᠂ ᠨᠢᠭᠡᠳᠦᠯᠲᠡᠢ ᠲᠠᠷᠢᠬᠤ᠂ ᠨᠢᠭᠡᠳᠦᠯᠲᠡᠢ ᠬᠠᠮᠢᠶᠠᠷᠬᠤ᠂ ᠬᠠᠮᠲᠤᠪᠠᠷ ᠲᠠᠷᠢᠵᠤ  ᠴᠤᠭ ᠪᠠᠶᠠᠵᠢᠬᠤ ᠵᠠᠭᠪᠤᠷ ᠢ ᠬᠡᠷᠡᠭᠵᠢᠭᠦᠯᠵᠦ᠂ ᠳ᠋ᠧᠡᠭ ᠭᠧ ᠲᠣᠰᠬᠤᠨ ᠤ ᠬᠡᠰᠡᠭ ᠪᠤᠰᠠᠭ ᠲᠠᠷᠢᠶ᠎ᠠ ᠶᠢ ᠨᠢᠭᠡᠳᠥᠮᠡᠯ ᠲᠠᠷᠢᠶ᠎ᠠ ᠪᠣᠯᠭᠠᠵᠤ᠂ ᠳᠠᠷᠢᠶᠠᠯᠠᠬᠤ ᠥᠢᠯᠡᠳᠪᠥᠷᠢᠯᠡᠯ ᠤᠨ ᠬᠡᠪᠴᠢᠶᠡᠵᠢᠭᠰᠡᠨ᠂  ᠳᠣᠷᠪᠢᠵᠢᠭᠤᠯᠤᠭᠰᠠᠨ᠂ ᠮᠧᠬᠠᠨᠢᠭᠵᠢᠭᠰᠠᠨ ᠢ ᠪᠡᠶᠡᠯᠡᠭᠦᠯᠵᠤ᠂ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠩᠳᠡᠭᠦᠯᠵᠥ᠂ ᠡᠨᠡ ᠵᠢᠯ ᠤᠨ ᠵᠢᠵᠢᠭ ᠤᠯᠠᠭᠠᠨ ᠬᠠᠯᠢᠰᠤᠨ ᠪᠤᠭᠤᠳᠠᠢ ᠶᠢᠨ ᠤᠨᠠᠯᠳᠠ ᠨᠢ ᠮᠦ ᠪᠦᠷᠢ ᠳᠤ 100 ᠲᠥᠭᠦᠷᠢᠭ ᠨᠡᠮᠡᠭᠳᠡᠭᠦᠯᠬᠦ ᠪᠣᠯᠤᠨ᠎ᠠ︾ ᠭᠡᠵᠦ ᠬᠡᠯᠡᠪᠡ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠲᠤ ᠳᠦᠰᠢᠭᠯᠡᠨ᠎ᠡ᠂ ᠰᠢᠪᠠᠷᠬᠦᠷᠢᠶ᠎ᠡ ᠪᠠᠯᠭᠠᠰᠤᠨ ᠤ ᠵᠢᠷᠭᠠᠯᠳᠣ ᠲᠤᠰᠬᠤᠨ ᠤᠳᠤ ᠶᠢᠨ ᠪᠠᠶᠢᠭ᠎ᠠ ᠭᠠᠵᠠᠷ ᠰᠢᠷᠣᠢ ᠶᠢᠨ ᠡᠬᠢ ᠪᠠᠶᠠᠯᠢᠭ ᠢᠶᠠᠨ ᠨᠢᠭᠡᠳᠬᠡᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢᠨ ᠰᠠᠭᠤᠷᠢ ᠪᠠᠨ ᠪᠠᠬᠢᠵᠢᠭᠦᠯᠵᠦ᠂ ︽ᠬᠡᠰᠡᠭ ᠪᠤᠰᠠᠭ ᠲᠠᠷᠢᠶ᠎ᠠ︾ ᠶᠢ ᠲᠠᠷᠢᠶᠠᠴᠢᠳ ᠤᠨ ᠪᠠᠶᠠᠵᠢᠨ ᠴᠢᠨᠡᠭᠡᠯᠢᠭᠵᠢᠵᠦ ᠣᠷᠣᠯᠭ᠎ᠠ ᠪᠠᠨ ᠨᠡᠮᠡᠭᠳᠡᠭᠦᠯᠬᠦ ︽ᠬᠦᠰᠡᠯᠡᠩ ᠤᠨ ᠲᠠᠷᠢᠶ᠎ᠠ︾ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠪᠠ᠃ ᠯᠢᠶᠠᠩ ᠢᠦᠶ ᠲᠢᠶᠠᠨ᠄ ︽ᠵᠢᠵᠢᠭ ᠤᠯᠠᠭᠠᠨ ᠬᠠᠯᠢᠰᠤᠨ ᠪᠤᠭᠤᠳᠠᠶ ᠪᠣᠯ ᠮᠠᠨ ᠤ ᠳᠣᠰᠬᠤᠨ ᠤ ᠤᠯᠠᠮᠵᠢᠯᠠᠯᠲᠤ ᠳᠠᠷᠢᠮᠠᠯ ᠪᠣᠯᠤᠨ᠎ᠠ᠂ ᠭᠠᠷᠤᠯᠲᠠ ᠨᠢ ᠥᠨᠳᠥᠷ᠂ ᠦᠢᠯᠡᠳᠪᠦᠷᠢᠯᠡᠯ ᠤᠨ ᠦᠶᠡᠯᠡᠯ ᠤᠨ ᠬᠤᠭᠤᠴᠠᠭ᠎ᠠ ᠨᠢ ᠣᠬᠤᠷ᠂ ᠳᠠᠯᠬᠠᠭᠳᠠᠭᠰᠠᠨ ᠭᠤᠯᠢᠷ ᠨᠢ ᠰᠠᠶᠢᠨ᠂ ᠳᠡᠶᠢᠮᠤ ᠠᠴᠠ ᠲᠣᠰᠬᠤᠨ ᠤ ᠠᠷᠠᠳ ᠵᠢᠵᠢᠭ ᠤᠯᠠᠭᠠᠨ‌ᠬᠠᠯᠢᠰᠤᠨ ᠪᠤᠭᠤᠳᠠᠶ ᠳᠠᠷᠢᠬᠤ ᠶᠢ ᠰᠠᠨᠠᠯ ᠨᠢᠭᠡᠲᠡᠶ ᠰᠣᠩᠭᠤᠵᠤ᠂ ᠡᠨᠡ ᠨᠠᠮᠤᠷ ᠰᠠᠶᠢᠨ ᠬᠤᠷᠢᠶᠠᠯᠲᠠ ᠣᠯᠬᠤ ᠶᠢ ᠬᠥᠰᠡᠵᠡᠭᠡᠵᠥ ᠪᠠᠶᠢᠨ᠎ᠠ︾ ᠭᠡᠵᠡᠶ᠃      ᠤᠢᠢᠷ᠎ᠠ ᠶᠢᠨ ᠵᠢᠯ ᠠᠴᠠ᠂ ᠰᠢᠪᠡᠷᠬᠦ᠋ᠷᠢᠶ᠎ᠡ ᠪᠠᠯᠭᠠᠰᠤ ᠳᠠᠷᠢᠶᠠᠯᠠᠩ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ ᠶᠢᠨ ᠲᠣᠭᠤᠷᠢᠨ ᠳᠤ᠂ ᠲᠠᠷᠢᠶᠠᠴᠢᠨ ᠡᠷᠦᠬᠡ  ᠪᠠᠨ ᠳᠠᠶᠢᠴᠢᠯᠠᠨ ᠤᠳᠤ ᠦᠶ᠎ᠡ ᠶᠢᠨ ᠬᠥᠳᠡᠭᠡ ᠠᠵᠤ ᠠᠬᠤᠢ ᠶᠢ ᠬᠥᠭᠵᠢᠭᠦᠯᠬᠦ ᠪᠠᠷ ᠭᠤᠣᠯ ᠬᠠᠷᠠᠯᠲᠠ ᠪᠠᠨ ᠪᠣᠯᠭᠠᠵᠤ ᠂ ᠲᠦᠷᠦ ᠶᠢᠨ ᠪᠤᠳᠤᠯᠭ᠎ᠠ ᠪᠠᠷ ᠳᠠᠮᠵᠢᠨ ᠲᠠᠷᠢᠶᠠᠴᠢᠨ ᠡᠷᠦᠬᠡ ᠶᠢ ᠬᠦᠳᠦᠯᠦᠨ ᠵᠢᠯᠣᠭᠤᠳᠴᠤ ᠪᠠᠶᠢᠭᠠᠳ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠨᠠᠶᠢᠳᠠᠨ ᠬᠠᠮᠢᠶᠠᠷᠤᠭᠤᠯᠬᠤ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠭᠡᠨ ᠢᠶᠠᠷ ᠳᠡᠯᠭᠡᠷᠡᠭᠦᠯᠵᠥ᠂ ᠮᠧᠬᠠᠨᠢᠭᠵᠢᠭᠰᠠᠨ᠂ ᠳᠣᠷᠪᠢᠵᠢᠭᠤᠯᠤᠭᠰᠠᠨ᠂ ᠬᠡᠪᠴᠢᠶᠡᠵᠢᠭᠰᠡᠨ ᠣᠳᠣᠬᠢᠴᠢᠯᠠᠭᠰᠠᠨ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠲᠥᠪᠯᠡᠷᠡᠭᠦᠯᠦᠨ ᠬᠡᠷᠡᠭᠵᠢᠭᠦᠯᠵᠥ᠂ ᠪᠠᠭ᠎ᠠ ᠬᠡᠯᠪᠡᠷᠢ ᠶᠢᠨ ᠮᠠᠯᠵᠢᠬᠤ ᠲᠠᠷᠢᠶᠠᠯᠠᠬᠤ ᠡᠷᠦᠬᠡ ᠪᠣᠯᠤᠨ ᠣᠳᠣᠬᠢᠴᠢᠯᠠᠭᠰᠡᠨ‌‍ᠲ᠋ᠠᠷᠢᠶᠠᠯᠠᠩ ᠮᠠᠯ ᠠᠵᠤ ᠠᠬᠤᠢ ᠶᠢᠨ ᠣᠷᠭᠠᠨᠢᠭ ᠵᠣᠯᠭᠠᠯᠴᠠᠭ᠎ᠠ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠡᠷᠦᠬᠡ ᠶᠢᠨ ᠦᠢᠯᠡᠳᠪᠦᠷᠢᠯᠡᠯ ᠢ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠵᠠᠮ ᠳᠤ ᠭᠥᠳᠥᠯᠥᠨ ᠣᠷᠣᠭᠤᠯᠪᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号