ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠥᠪᠡᠷᠲᠡᠭᠡᠨ ᠪᠠᠶᠢᠭᠤᠯᠤᠭᠰᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠨᠢ ᠪᠦᠲᠦᠭᠡᠨ ᠪᠠᠶᠢᠭᠤᠯᠬᠤ ᠬᠥᠰᠢᠭᠡ ᠪᠠᠨ ᠰᠡᠬᠦᠪᠡ
ᠨᠡᠶᠢᠲᠡᠯᠡᠭᠰᠡᠨ ᠴᠠᠭ᠄
2024/6/25
      6 ᠰᠠᠷ᠎ᠠ ᠶᠢᠨ 24 ᠤ ᠡᠳᠦᠷ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠡᠷᠬᠢᠯᠡᠨ ᠬᠡᠷᠡᠭᠵᠢᠭᠦᠯᠵᠥ᠂ ᠪᠤᠭᠤᠲᠤ ᠬᠤᠲᠠ ᠶᠢᠨ ᠬᠤᠶᠠᠳᠤᠭᠠᠷ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠳᠠᠭᠠᠭᠠᠴᠢᠯᠠᠨ ᠪᠠᠶᠢᠭᠤᠯᠤᠭᠰᠠᠨ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ 2307 ᠥᠪᠡᠷᠲᠡᠭᠡᠨ ᠪᠠᠶᠢᠭᠤᠯᠤᠭᠰᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ︾ ᠤᠨ ᠲᠥᠷᠥᠯ ᠵᠦᠢᠯ ᠤᠨ ᠠᠵᠢᠯ ᠡᠬᠢᠯᠡᠭᠦᠯᠬᠦ ᠶᠣᠰᠣᠯᠠᠯ ᠶᠠᠪᠤᠭᠳᠠᠵᠤ᠂ ᠮᠠᠨ ᠤ ᠬᠤᠰᠢᠭᠤᠨ ᠤ ᠥᠪᠡᠷᠲᠡᠭᠡᠨ ᠪᠠᠶᠢᠭᠤᠯᠤᠭᠰᠠᠨ ᠠᠩᠬᠠᠳᠠᠭᠴᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠵᠢᠩᠬᠢᠨᠢ ᠪᠠᠷ ᠪᠦᠳᠦᠭᠡᠨ ᠪᠠᠶᠢᠭᠤᠯᠤᠬᠤ ᠬᠦᠰᠢᠭᠡ ᠪᠠᠨ ᠰᠡᠭᠦᠭᠰᠡᠨ  ᠢ ᠬᠠᠷᠠᠭᠤᠯᠪᠠ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ 2307 ᠥᠪᠡᠷᠲᠡᠭᠡᠨ  ᠪᠠᠶᠢᠭᠤᠯᠤᠭᠰᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ  ᠨᠢ ᠳᠠᠶᠢᠨ ᠤ ᠦᠶ᠎ᠡ ᠳᠤ ᠬᠥᠮᠦᠰ ᠲᠤ ᠳᠠᠯᠳᠠᠯᠠᠯ ᠤᠨ ᠴᠢᠳᠠᠮᠵᠢ ᠬᠠᠩᠭᠠᠵᠤ᠂ ᠡᠩ ᠤᠨ ᠦᠶ᠎ᠡ ᠳᠤ ᠭᠠᠵᠠᠷ ᠳᠣᠤᠷᠠᠬᠢ ᠲᠡᠷᠭᠡᠨ ᠵᠣᠭᠰᠣᠭᠠᠯ ᠪᠤᠯᠭᠠᠨ᠎ᠠ᠃      ᠲᠣᠰ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠨᠢ ᠮᠠᠨ ᠤ ᠬᠤᠰᠢᠭᠤᠨ ᠤ ᠬᠤᠲᠠ ᠶᠢᠨ ᠶᠡᠷᠦᠩᠬᠡᠶᠢᠯᠡᠭᠰᠡᠨ ᠰᠡᠷᠭᠡᠶᠢᠯᠡᠨ ᠬᠠᠮᠠᠭᠠᠯᠠᠬᠤ ᠴᠢᠳᠠᠮᠵᠢ ᠶᠢ ᠲᠡᠭᠦᠯᠳᠡᠷᠵᠢᠭᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠬᠤᠲᠠ ᠶᠢᠨ ᠪᠥᠲᠥᠭᠡᠨ ᠪᠠᠶᠢᠭᠤᠯᠤᠯᠲᠠ ᠲᠠᠢ ᠵᠣᠬᠢᠴᠠᠩᠭᠤᠶ ᠬᠥᠭᠵᠢᠭᠦᠯᠵᠥ᠂ ᠮᠠᠨ ᠤ ᠬᠤᠰᠢᠭᠤᠨ ᠤ ᠭᠤᠤᠯ ᠬᠤᠲᠠ ᠲᠣᠭᠤᠷᠢᠭ ᠤᠨ ᠪᠦᠬᠦᠯᠢ ᠴᠣᠭᠴᠠ ᠶᠢᠨ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠨᠢ ᠬᠤᠲᠠ ᠶᠢᠨ ᠪᠥᠲᠥᠭᠡᠨ ᠪᠠᠶᠢᠭᠤᠯᠤᠯᠲᠠ ᠯᠤᠭ᠎ᠠ ᠵᠣᠬᠢᠴᠠᠩᠭᠤᠶ ᠭᠥᠭᠵᠢᠭᠦ ᠬᠠᠷᠠᠯᠲᠠ ᠱᠠᠭᠠᠷᠳᠠᠯᠭ᠎ᠠ ᠶᠢ ᠪᠡᠶᠡᠯᠡᠭᠦᠯᠵᠥ᠂ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠴᠢᠬᠤᠯᠠ ᠠᠴᠢ ᠬᠤᠯᠪᠣᠭᠳᠠᠯ ᠲᠠᠢ ᠶᠤᠮ︕ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号