ᠰᠠᠶᠢᠬᠠᠨ ᠪᠣᠯᠬᠤ ᠶᠢ ᠬᠦᠰᠡᠵᠦ ᠪᠠᠶᠢᠨ᠎ᠠ︕ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢ ᠤᠯᠤᠰ ᠤᠨ ᠲᠡᠰ ᠤᠨ ᠤᠷᠤᠯᠳᠤᠭᠠᠨ ᠢ ᠳᠠᠬᠢᠨᠲᠠ ᠡᠷᠬᠢᠯᠡᠬᠦ ᠪᠠᠷ ᠪᠣᠯᠤᠯ᠎ᠠ
ᠨᠡᠶᠢᠲᠡᠯᠡᠭᠰᠡᠨ ᠴᠠᠭ᠄
2024/6/25
      6 ᠰᠠᠷ᠎ᠠ ᠶᠢᠨ 24 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠯ ᠪᠥᠮᠪᠦᠭᠡ ᠶᠢᠨ ᠨᠡᠶᠢᠭᠡᠮᠯᠢᠭ ᠠᠴᠠ ᠲᠥᠯᠥᠭᠡᠯᠡᠭᠴᠢ ᠲᠣᠮᠢᠯᠠᠨ ᠰᠧᠴᠤᠸᠠᠨ ᠮᠤᠵᠢ ᠶᠢᠨ ᠴᠧᠩᠳᠦ᠋ ᠬᠤᠲᠠ ᠳᠤ ᠣᠴᠢᠭᠤᠯᠵᠤ᠂ ᠳᠤᠮᠳᠠᠳᠤ ᠤᠯᠤᠰ ᠤᠨ ᠬᠤᠲᠠ ᠶᠢᠨ ᠪᠠᠭᠠᠴᠤᠳ ᠬᠡᠦᠬᠡᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠠᠵᠢᠯ ᠤᠨ ᠬᠤᠷᠠᠯ ᠳᠤ ᠣᠷᠣᠯᠴᠠᠭᠤᠯᠪᠠ᠃      ᠬᠤᠷᠠᠯ ᠳᠡᠭᠡᠷ᠎ᠡ᠂ ᠮᠠᠨ ᠤ ᠬᠤᠰᠢᠭᠤᠨ ᠤ ᠲᠥᠯᠥᠭᠡᠯᠡᠭᠴᠢᠳ ᠡᠯ᠎ᠡ ᠭᠠᠵᠠᠷ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠬᠠᠷᠢᠭᠤᠴᠠᠯᠭᠠᠲᠠᠨ ᠲᠠᠢ ᠬᠠᠮᠲᠤ ᠪᠠᠷ ᠤᠷᠤᠯᠳᠤᠭᠠᠨ ᠡᠷᠭᠢᠯᠡᠭᠰᠡᠨ ᠲᠤᠷᠰᠢᠯᠭ᠎ᠠ ᠪᠠᠨ ᠰᠣᠯᠢᠯᠴᠠᠬᠤ ᠶᠢᠨ ᠬᠠᠮᠲᠤ᠂ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠬᠤᠯᠪᠣᠭᠠᠲᠤ ᠬᠤᠷᠠᠯ ᠲᠠᠢ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠬᠤᠲᠠ ᠶᠢᠨ ᠪᠠᠭᠠᠴᠤᠳ ᠬᠡᠦᠬᠡᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠲᠥᠯᠥᠪᠯᠡᠭᠡ ᠵᠢᠴᠢ ᠳᠠᠭᠠᠭᠠᠴᠢᠯᠠᠨ ᠡᠷᠭᠢᠯᠡᠬᠦ ᠰᠠᠨᠠᠮᠵᠢ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠳᠣᠤᠷ᠎ᠠ ᠬᠠᠭᠠᠰ ᠵᠢᠯ ᠳᠤ ᠳᠤᠮᠳᠠᠳᠤ ᠤᠯᠤᠰ ᠤᠨ ᠬᠤᠲᠠ ᠶᠢᠨ ᠪᠠᠭᠠᠴᠤᠳ ᠬᠡᠦᠬᠡᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠬᠤᠪᠢᠶᠠᠷᠢ ᠥᠷᠲᠡᠭᠡ ᠶᠢᠨ ᠤᠷᠤᠯᠳᠤᠭᠠᠨ ᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠡᠷᠭᠢᠯᠡᠬᠦ ᠪᠠᠷ ᠪᠣᠯᠣᠯ᠎ᠠ᠂ ᠡᠨᠡ ᠨᠢ ᠥᠪᠥᠷ ᠮᠣᠩᠭᠤᠯ ᠤᠨ ᠴᠣᠷ ᠤᠨ ᠭᠠᠭᠴᠠ ᠬᠤᠪᠢᠶᠠᠷᠢ ᠥᠷᠲᠡᠭᠡᠨ ᠤ ᠤᠷᠤᠯᠳᠤᠭᠠᠨ ᠡᠷᠭᠢᠯᠡᠬᠦ ᠭᠠᠵᠠᠷ ᠪᠣᠯᠤᠨ᠎ᠠ᠃      ᠣᠯᠠᠨ ᠵᠢᠯ ᠤᠨ ᠲᠤᠷᠰᠢ᠂ ᠮᠠᠨ ᠤ ᠬᠤᠰᠢᠭᠤ ᠨᠢ ᠬᠥᠯ ᠪᠥᠮᠪᠦᠭᠡ ᠶᠢᠨ ᠵᠠᠯᠠᠭᠤᠴᠤᠳ ᠤᠨ ᠪᠣᠯᠪᠠᠰᠤᠷᠠᠯ ᠤᠨ ᠬᠥᠭᠵᠢᠯᠲᠡ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠬᠢᠴᠢᠶᠡᠯ ᠤᠨ ᠲᠠᠩᠬᠢᠮ ᠳᠤ ᠬᠥᠯ ᠪᠥᠮᠪᠦᠭᠡ ᠶᠢᠨ ᠬᠢᠴᠢᠶᠠᠯ ᠢ  ᠳᠣᠬᠢᠷᠠᠭᠤᠯᠵᠤ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠳᠤᠷ᠎ᠠ ᠰᠣᠨᠢᠷᠬᠠᠯ ᠢ ᠬᠥᠮᠦᠵᠢᠭᠦᠯᠵᠦ᠂ ᠳᠠᠯᠳᠠ ᠬᠦᠴᠦᠨ ᠲᠠᠢ ᠵᠠᠯᠠᠭᠤᠴᠤᠳ ᠪᠠᠭᠠᠴᠤᠳ ᠢ ᠨᠠᠷᠢᠨ ᠨᠢᠮᠪᠠᠶ ᠰᠢᠯᠢᠨ ᠰᠤᠩᠭᠤᠨ ᠪᠣᠯᠪᠠᠰᠤᠷᠠᠭᠤᠯᠵᠤ᠂ ᠬᠢᠴᠢᠶᠡᠯ ᠤᠨ ᠭᠠᠳᠠᠨᠠᠬᠢ ᠴᠠᠭ ᠢᠶᠠᠨ ᠠᠰᠢᠭᠯᠠᠨ ᠬᠥᠯ ᠪᠥᠮᠪᠦᠭᠡ ᠶᠢᠨ ᠣᠨᠴᠠ ᠴᠢᠳᠠᠪᠤᠷᠢ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠦᠨᠳᠦᠰᠦᠨ ᠤᠷ᠎ᠠ ᠴᠢᠳᠠᠪᠤᠷᠢ ᠶᠢᠨ ᠪᠣᠯᠪᠠᠰᠤᠷᠠᠯ᠂ ᠪᠠᠶᠢᠯᠳᠤᠬᠤ ᠠᠷᠭ᠎ᠠ ᠶᠢᠨ ᠪᠣᠯᠪᠠᠰᠤᠷᠠᠯ ᠵᠢᠴᠢ ᠪᠡᠶ᠎ᠡ ᠮᠠᠬᠠᠪᠣᠳ ᠤᠨ ᠪᠣᠯᠪᠠᠰᠤᠷᠠᠯ ᠵᠡᠷᠭᠡ ᠶᠢ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠪᠡ︔ ᠡᠭᠦᠨ ᠤ ᠬᠠᠮᠳᠥ᠂ ᠬᠥᠯ ᠪᠥᠮᠪᠦᠭᠡ ᠶᠢᠨ ᠤᠷᠤᠯᠳᠤᠭᠠᠨ ᠢ ᠶᠡᠬᠡᠪᠡᠷ  ᠡᠷᠬᠢᠯᠡᠵᠥ᠂ ᠰᠤᠷᠭᠠᠭᠤᠯᠢ ᠶᠢᠨ ᠵᠠᠬᠢᠷᠤᠯ ᠤᠨ ᠬᠤᠨᠳᠠᠭᠠᠳᠤ᠂ ᠬᠤᠰᠢᠭᠤᠨ ᠳᠠᠷᠤᠭ᠎ᠠ ᠶᠢᠨ ᠬᠤᠨᠳᠠᠭᠠᠳᠤ᠂ ᠡᠯ᠎ᠡ ᠰᠤᠷᠭᠠᠭᠤᠯᠢ ᠪᠣᠯᠤᠨ ᠺᠯᠦ᠋ᠪ ᠤᠨ ᠬᠤᠭᠤᠷᠣᠨᠳᠣᠬᠢ ᠨᠥᠬᠦᠷᠰᠡᠭ ᠤᠷᠤᠯᠳᠤᠭᠠᠨ ᠵᠡᠷᠭᠡ ᠠᠵᠢᠯᠯᠠᠭ᠎ᠠ ᠶᠢ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠦᠰᠡᠯ ᠢ ᠬᠥᠭᠡᠭᠡᠴᠡᠯᠳᠦᠬᠦ ᠬᠠᠯᠠᠭᠤᠨ ᠰᠡᠳᠬᠢᠯᠭᠡ ᠶᠢ ᠲᠠᠰᠤᠷᠠᠯᠲᠠ ᠥᠬᠡᠶ ᠬᠥᠭᠵᠢᠭᠡᠪᠡ᠃  ᠣᠶᠢᠷ᠎ᠠ ᠶᠢᠨ ᠵᠢᠯ ᠤᠳ ᠢᠶᠠᠷ᠂ ᠮᠠᠨ ᠤ ᠬᠤᠰᠢᠭᠤᠨ ᠤ ᠬᠥᠯ ᠪᠥᠮᠪᠦᠭᠡ ᠶᠢᠨ ᠵᠠᠯᠠᠭᠤᠴᠤᠳ ᠤᠨ ᠪᠣᠯᠪᠠᠰᠤᠷᠠᠯ ᠤᠨ ᠬᠥᠭᠵᠢᠯᠲᠡ ᠦᠳᠲᠡᠷ ᠲᠦᠷᠭᠡᠨ ᠪᠠᠶᠢᠵᠤ᠂ ᠶᠡᠭᠡ ᠪᠠᠭ᠎ᠠ ᠤᠷᠤᠯᠳᠤᠭᠠᠨ ᠳᠤ ᠲᠠᠰᠤᠷᠠᠯᠲᠠ ᠦᠭᠡᠢ ᠰᠢᠯᠢᠳᠡᠭ ᠬᠢᠷᠢ ᠪᠦᠲᠦᠮᠵᠢ ᠣᠯᠵᠤ᠂ 2023 ᠣᠨ ᠳᠤ ᠬᠥᠬᠡᠬᠤᠲᠠ ᠶᠢᠨ ᠬᠡ ᠯᠢᠨ ᠤ ︽ᠢᠷᠡᠭᠡᠳᠦᠢ ᠶᠢᠨ ᠬᠤᠨᠳᠠᠭᠠᠲᠤ︾ ᠬᠥᠯ ᠪᠥᠮᠪᠦᠭᠡ ᠶᠢᠨ ᠵᠤᠰᠠᠯᠠᠩ ᠤᠨ ᠳᠤᠮᠳᠠ U9 ᠮᠠᠩᠯᠠᠢ᠂ U10 ᠳᠡᠳ᠋ ᠨᠡᠷᠡᠰ ᠢ ᠬᠥᠷᠳᠡᠵᠥ᠂ 2024 ᠣᠨ ᠳᠤ ︽ᠢ ᠳᠡ ᠶᠦᠨ ᠵᠢᠢ ᠬᠤᠨᠳᠠᠭᠠᠲᠤ︾ ᠪᠦᠬᠦ ᠣᠷᠣᠨ ᠤ ᠵᠠᠯᠠᠭᠤᠴᠤᠳ ᠪᠠᠭᠠᠴᠤᠳ ᠤᠨ ᠲᠠᠪᠤᠨ ᠬᠥᠮᠦᠨ ᠤ ᠳᠦᠷᠢᠮᠲᠦ ᠬᠥᠯ ᠪᠥᠮᠪᠦᠭᠡ ᠶᠢᠨ ᠤᠷᠢᠯᠭ᠎ᠠ ᠶᠢᠨ ᠤᠷᠤᠯᠳᠤᠭᠤᠨ ᠳᠤ U8 ᠭᠤᠷᠪᠠᠳᠤᠭᠠᠷ ᠲᠤ ᠣᠷᠣᠵᠤ᠂ U10 ᠤ ᠮᠠᠩᠯᠠᠢ᠂U11ᠭᠤᠷᠪᠠᠳᠤᠭᠠᠷ ᠨᠡᠷᠡᠰ ᠢ ᠬᠥᠷᠳᠡᠵᠡᠢ᠃      ᠪᠠᠭᠠᠴᠤᠳ ᠤᠨ ᠬᠥᠯ ᠪᠥᠮᠪᠦᠭᠡ ᠶᠢᠨ ᠤᠷᠤᠯᠳᠤᠭᠠᠨ ᠨᠢ ᠪᠥᠬᠦ ᠤᠯᠤᠰ ᠤᠨ ᠬᠡᠪᠴᠢᠶᠡᠨ ᠳᠤ ᠴᠢᠬᠤᠯᠠ ᠨᠥᠯᠥᠭᠡᠯᠡᠬᠦ ᠬᠦᠴᠦᠨ ᠲᠠᠢ ᠪᠠᠭᠠᠴᠤᠳ ᠬᠡᠦᠬᠡᠳ ᠤᠨ ᠬᠥᠯ ᠪᠥᠮᠪᠦᠭᠡ ᠶᠢᠨ ᠤᠷᠤᠯᠳᠤᠭᠠᠨ ᠪᠣᠯᠤᠭᠰᠠᠨ ᠤ ᠬᠤᠪᠢ ᠳᠤ᠂ ᠣᠯᠠᠨ ᠬᠤᠲᠠ ᠨᠢ ᠬᠤᠯᠪᠣᠭᠠᠯᠠᠨ ᠬᠥᠳᠡᠯᠦᠯᠴᠡᠵᠦ᠂ ᠵᠢᠷᠭᠤᠳᠤᠭᠠᠷ ᠬᠤᠭᠤᠴᠠᠭᠠᠨ ᠤ ᠪᠠᠭᠠᠴᠤᠳ ᠤᠨ ᠬᠥᠯ ᠪᠥᠮᠪᠦᠭᠡ ᠶᠢᠨ ᠤᠷᠤᠯᠳᠤᠭᠠᠨ ᠨᠢ 2024 ᠣᠨ ᠤ 10 ᠰᠠᠷ᠎ᠠ ᠳᠤ ᠡᠬᠢᠯᠡᠵᠥ᠂ 2025 ᠣᠨ ᠤ 8 ᠰᠠᠷ᠎ᠠ ᠳᠤ ᠳᠠᠭᠤᠰᠤᠨ᠎ᠠ᠂ ᠵᠢᠷᠭᠤᠳᠤᠭᠠᠷ ᠬᠤᠭᠤᠴᠠᠭᠠᠨ ᠤ ᠪᠠᠭᠠᠴᠤᠳ ᠤᠨ ᠬᠥᠯ ᠪᠥᠮᠪᠦᠭᠡ ᠶᠢᠨ ᠤᠷᠤᠯᠳᠤᠭᠠᠨ ᠤ ᠬᠤᠪᠢᠶᠠᠷᠢ ᠥᠷᠲᠡᠭᠡᠨ ᠤ ᠤᠷᠤᠯᠳᠤᠭᠤᠨ ᠨᠢ ᠳᠠᠷᠬᠠᠨ ᠮᠤᠤᠮᠢᠩᠭᠠᠨ ᠬᠤᠯᠪᠣᠭᠠᠲᠤ  ᠬᠤᠰᠢᠭᠤᠨ ᠳᠤ ᠶᠠᠪᠤᠭᠳᠠᠬᠤ ᠨᠢ ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠬᠦ ᠨᠢ ᠯᠠᠪᠲᠠᠶ ᠶᠤᠮ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号