ᠤᠯᠠᠭᠠᠨᠮᠥᠳᠥ ᠶᠢᠨ ᠳᠠᠯ᠎ᠠ ᠨᠤᠳᠤᠭ ᠵᠢᠭᠤᠯᠴᠢᠯᠠᠯ ᠤᠨ ᠬᠦᠭᠵᠢᠶᠡᠨᠳᠥ ᠤᠯᠠᠷᠢᠯ ᠢᠶᠠᠨ ᠤᠭᠳᠤᠯ᠎ᠠ
ᠨᠡᠶᠢᠲᠡᠯᠡᠭᠰᠡᠨ ᠴᠠᠭ᠄
2024/6/25
     ᠦᠡᠭᠭᠡ ᠶᠢᠨ ᠴᠡᠴᠡᠭ ᠮᠢᠷᠠᠯᠵᠠᠨ ᠳᠡᠯᠭᠡᠷᠡᠭᠰᠡᠨ ᠳᠡᠯᠭᠡᠷ ᠵᠤᠨ ᠤ ᠰᠠᠶᠢᠬᠠᠨ ᠤᠯᠠᠷᠢᠯ ᠳᠤ᠂ ᠬᠢᠨᠭ᠍ᠭᠠᠨ ᠠᠶᠢᠮᠠᠭ ᠤᠨ ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠤᠯᠠᠭᠠᠨᠮᠥᠳᠥ ᠶᠢᠨ ᠳᠠᠯ᠎ᠠ ᠨᠤᠳᠤᠭ ᠵᠢᠭᠤᠯᠴᠢᠯᠠᠯ ᠤᠨ ᠬᠦᠭᠵᠢᠶᠡᠨᠳᠥ ᠤᠯᠠᠷᠢᠯ ᠢᠶᠠᠨ ᠤᠭᠳᠤᠵᠤ᠂ ᠬᠤᠯᠠ ᠤᠶᠢᠷ᠎ᠠ ᠶᠢᠨ ᠵᠢᠭᠤᠯᠴᠢᠯᠠᠭᠰᠠᠳ ᠤᠨ ᠪᠠᠭ᠋ᠠᠷᠤᠯ  ᠢ ᠳᠠᠳᠠᠯ᠎ᠠ᠃
     ᠡ᠊ᠨᠡ ᠵᠢᠯ ᠤᠨ 7 ᠰᠠᠷ᠎ᠠ ᠶᠢᠨ 17 — 8 ᠰᠠᠷ᠎ᠠ ᠶᠢᠨ 18 ᠤ ᠡᠳᠥᠷ ᠪᠤᠯᠳᠠᠯ᠎ᠠ᠂ ᠤᠯᠠᠭᠠᠨᠮᠥᠳᠥ ᠶᠢᠨ ᠳᠠᠯ᠎ᠠ ᠨᠤᠳᠤᠭ ᠲᠤ ᠬᠢᠨᠭ᠍ᠭᠠᠨ ᠠᠶᠢᠮᠠᠭ ᠤᠨ ᠨᠠᠭᠠᠳᠥᠮ ᠤᠨ ᠬᠤᠷᠠᠯ ᠦᠪᠡᠳᠡᠭᠰᠢ ᠶᠡᠭᠡ ᠪᠠᠷ ᠶᠠᠪᠤᠭᠳᠠᠬᠤ ᠪᠠᠷ ᠪᠤᠢ᠃ ᠬᠢᠨᠭ᠍ᠭᠠᠨ ᠠᠶᠢᠮᠠᠭ ᠤᠨ ᠨᠠᠭᠠᠳᠥᠮ ᠳᠤ ᠮᠤᠷᠢ ᠤᠷᠤᠯᠳᠤᠬᠤ᠂ ᠪᠦᠭᠡ ᠪᠠᠷᠢᠯᠳᠤᠬᠤ᠂ ᠰᠤᠷ ᠬᠠᠷᠪᠤᠬᠤ᠂ ᠤᠷᠠᠨ ᠰᠠᠶᠢᠬᠠᠨ ᠤ ᠲᠤᠭᠯᠠᠯᠳᠠ ᠵᠢᠴᠢ ᠦᠨᠳᠥᠰᠥᠳᠡᠨ ᠤ ᠬᠤᠪᠴᠠᠰᠥ ᠵᠠᠰᠠᠯ ᠤᠨ ᠦᠵᠡᠬᠦᠯᠭᠡ ᠵᠡᠷᠭᠡ ᠠᠭᠤᠯᠭ᠎ᠠ ᠶᠢ ᠬᠠᠮᠤᠷᠳᠠᠭ ᠢᠶᠠᠷ ᠢᠶᠠᠨ ᠮᠠᠯᠴᠢᠨ ᠳᠠᠷᠢᠶᠠᠴᠢᠳ ᠵᠢᠴᠢ ᠬᠤᠯᠠ ᠤᠶᠢᠷ᠎ᠠ ᠶᠢᠨ ᠵᠢᠭᠤᠯᠴᠢᠯᠠᠭᠰᠠᠳ ᠤᠨ ᠬᠠᠷᠠᠭ᠎ᠠ ᠰᠤᠨᠤᠷ ᠢ ᠪᠠᠶᠠᠰᠬᠠᠵᠤ ᠪᠠᠶᠢᠳᠠᠭ᠃
     ᠡᠬᠦᠨ ᠤ ᠳᠤᠭᠤᠷᠢᠨ ᠳᠤ ᠪᠠᠶᠢᠭᠠᠯᠢ ᠶᠢᠨ ᠦᠵᠡᠮᠵᠢ ᠰᠤᠨᠢᠷᠬᠠᠬᠤ᠂ ᠦᠪᠡᠰᠥᠪᠡᠨ ᠳᠡᠷᠭᠡ ᠵᠢᠯᠤᠭᠤᠳᠥᠨ ᠰᠡᠯᠡᠬᠦᠴᠡᠨ ᠵᠢᠭᠤᠯᠴᠢᠯᠠᠬᠤ᠂ ᠪᠤᠳᠠᠰ ᠤᠨ ᠪᠤᠰᠥ ᠰᠤᠶᠤᠯ ᠤᠨ ᠦᠪ ᠢ ᠪᠡᠶᠡᠴᠢᠯᠡᠨ ᠤᠶᠢᠯᠠᠭᠠᠬᠤ ᠵᠢᠴᠢ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠬᠦᠷ ᠢᠶᠠᠷ ᠳᠤᠭᠤᠷᠢᠬᠤ ᠵᠡᠷᠭᠡ ᠤᠯᠠᠨ ᠠᠭᠤᠯᠭ᠎ᠠ ᠶᠢ ᠤᠶᠠᠯᠳᠤᠭᠤᠯᠤᠭᠰᠠᠨ ᠰᠤᠶᠤᠯ ᠵᠢᠭᠤᠯᠴᠢᠯᠠᠯ ᠤᠨ ᠠᠵᠢᠯᠯᠠᠭ᠎ᠠ ᠶᠢ ᠴᠤ ᠳᠤᠬᠢᠷᠠᠭᠤᠯᠬᠤ ᠪᠠᠷ ᠪᠤᠯᠵᠤ᠂ ᠬᠦᠷᠥᠯᠴᠡᠨ ᠤᠴᠢᠭᠰᠠᠨ ᠵᠢᠭᠤᠯᠴᠢᠯᠠᠭᠰᠠᠳ ᠲᠤ ᠪᠠᠨ ᠵᠢᠭᠤᠯᠴᠢᠯᠠᠯ ᠤᠨ ᠬᠠᠪᠤ ᠴᠡᠩᠭᠡᠯ ᠢ ᠡᠳ᠋ᠯᠡᠬᠦᠯᠬᠦ ᠪᠠᠷ ᠪᠤᠢ᠃
     ᠤᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠤᠯᠠᠭᠠᠨᠮᠥᠳᠥ ᠰᠤᠮᠤ ᠶᠢᠨ ᠬᠢᠨ ᠰᠤᠶᠤᠯ ᠵᠢᠭᠤᠯᠴᠢᠯᠠᠯ ᠤᠨ ᠡᠬᠢ ᠪᠠᠶᠠᠯᠢᠭ ᠢᠶᠠᠨ ᠬᠥᠢᠴᠡᠳ ᠠᠰᠢᠭᠯᠠᠨ᠂ ᠳᠠᠯ᠎ᠠ ᠨᠤᠳᠤᠭ ᠤᠨ ᠵᠢᠭᠤᠯᠴᠢᠯᠠᠯ ᠤᠨ ᠨᠡᠷᠡᠳᠥ ᠳᠡᠮᠳᠡᠭ ᠢ ᠡᠬᠦᠳᠬᠦ ᠪᠠᠷ ᠳᠠᠮᠵᠢᠨ᠂ ᠠᠷᠠᠳ ᠤᠨ ᠵᠠᠩ ᠥᠢᠯᠡ ᠶᠢ ᠤᠶᠢᠯᠠᠭᠠᠬᠤ᠂ ᠳᠠᠯ᠎ᠠ ᠨᠤᠳᠤᠭ ᠤᠨ ᠪᠠᠭᠤᠳᠠᠯ ᠤᠨ ᠴᠤᠭᠯᠠᠷᠠᠯ ᠳᠤ ᠪᠠᠶᠠᠴᠢᠯᠠᠨ ᠤᠶᠢᠯᠠᠭᠠᠬᠤ ᠵᠡᠷᠭᠡ ᠦᠪᠡᠷᠮᠢᠴᠡ ᠤᠨᠴᠠᠯᠢᠭ ᠪᠦᠬᠦᠢ ᠵᠢᠭᠤᠯᠴᠢᠯᠠᠭᠰᠠᠳ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠵᠢᠭᠤᠯᠴᠢᠯᠠᠯ ᠤᠨ ᠰᠢᠨ᠎ᠡ ᠪᠦᠳᠥᠭᠡᠭᠳᠡᠬᠦᠨ ᠢ ᠨᠡᠭᠡᠭᠡᠨ ᠡᠬᠦᠳᠴᠤ᠂ ᠳᠤᠬᠠᠢ ᠶᠢᠨ ᠭᠠᠵᠠᠷ ᠤᠨ ᠵᠢᠭᠤᠯᠴᠢᠯᠠᠯ ᠤᠨ ᠥᠢᠯᠡᠰ ᠢ ᠶᠡᠭᠡᠪᠠᠷ ᠬᠦᠭᠵᠢᠬᠦᠯᠵᠤ ᠪᠠᠶᠢᠨ᠎ᠠ᠃
︵ᠬᠢᠨᠭ᠍ᠭᠠᠨ ᠠᠶᠢᠮᠠᠭ ᠤᠨ ᠬᠠᠮ ᠵᠠᠭᠤᠴᠢᠯᠠᠭᠤᠷ ᠤᠨ ᠲᠦᠪ ᠤᠨ ᠰᠤᠷᠪᠤᠯᠵᠢᠯᠠᠭᠴᠢ ᠤᠷᠠᠨᠳᠤᠳᠢ ᠴᠢᠮᠡᠭᠡᠯᠡᠭᠴᠢ ᠱᠤᠸᠠᠩ ᠯᠦᠩ︶
 
ᠢᠷᠡᠯᠲᠡ᠄ ᠠᠷᠡᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号