ᠬᠤᠳᠠᠯ ᠰᠢᠦ︕ ᠳᠣᠲᠣᠭᠠᠳᠤ ᠶᠢ ᠬᠠᠮᠠᠭᠠᠯᠠᠬᠤ ᠶᠠᠮᠤᠨ ᠤ ᠰᠠᠨᠠᠭᠤᠯᠤᠮᠵᠢ︕
ᠨᠡᠶᠢᠲᠡᠯᠡᠭᠰᠡᠨ ᠴᠠᠭ᠄
2024/6/26
      ᠥᠨᠥᠳᠦᠷ ︵6 ᠰᠠᠷ᠎ᠠ ᠶᠢᠨ 25 ᠤ ᠡᠳᠦᠷ︶ ᠳᠣᠲᠣᠭᠠᠳᠤ ᠶᠢ ᠬᠠᠮᠠᠭᠠᠯᠠᠬᠤ ᠶᠠᠮᠤᠨ ᠣᠯᠠᠨ ᠡᠭᠦᠰᠳᠡᠭ ᠠᠷᠪᠠᠨ ᠶᠡᠭᠡ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠯᠪᠡᠷᠢ ᠶᠢ ᠨᠡᠶᠢᠲᠡᠯᠡᠪᠡ᠃ ᠣᠶᠢᠯᠠᠭᠠᠭᠰᠠᠨ ᠢᠶᠠᠷ᠂ ᠣᠳᠣᠬᠠᠨ ᠳᠤ ᠮᠡᠬᠡᠯᠡᠭᠴᠢᠳ ᠨᠢᠭᠡ ᠲᠠᠯ᠎ᠠ ᠪᠠᠷ ᠠᠷᠭ᠎ᠠ ᠪᠦᠬᠦᠨ ᠢ ᠰᠦᠪᠡᠭᠴᠢᠯᠡᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠣᠬᠢᠯᠲᠠ ᠠᠴᠠ ᠵᠠᠶᠢᠯᠠᠵᠤ᠂ ᠨᠥᠭᠦᠭᠡ ᠲᠠᠯ᠎ᠠ ᠪᠠᠷ ᠮᠡᠬᠡᠯᠡᠬᠦ ᠠᠷᠭ᠎ᠠ ᠮᠠᠶ᠋ᠢᠭ ᠪᠠ ᠠᠷᠭ᠎ᠠ ᠪᠠᠷᠢᠯ ᠢᠶᠠᠨ ᠲᠠᠰᠤᠷᠠᠯᠲᠠ ᠥᠬᠡᠶ ᠰᠢᠨᠡᠳᠬᠡᠵᠦ ᠪᠠᠶᠢᠬᠤ ᠪᠦᠭᠡᠳ ᠶᠠᠯ᠎ᠠ ᠬᠢᠬᠦ ᠪᠠᠶᠢᠳᠠᠯ ᠨᠢ ᠮᠥᠨ ᠯᠡ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ 2023 ᠣᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠤᠤᠷ ᠠᠮᠰᠠᠭᠴᠢ ᠶᠢᠨ ᠳᠤᠮᠳᠠᠴᠢ ᠨᠠᠰᠤ ᠨᠢ 37 ᠪᠣᠯᠤᠨ᠎ᠠ᠂ 18 ᠨᠠᠰᠤᠨ ᠠᠴᠠ 40 ᠨᠠᠰᠤᠨ ᠤ ᠬᠤᠭᠤᠷᠣᠨᠳᠣᠬᠢ ᠨᠠᠰᠤᠨ ᠤ ᠬᠦᠮᠦᠰ ᠤᠨ ᠡᠵᠡᠯᠡᠬᠦ ᠬᠠᠷᠢᠴᠠᠯ ᠨᠢ 62.1 % ᠳᠤ ᠬᠦᠷᠴᠦ᠂ 41 ᠨᠠᠰᠤᠨ ᠠᠴᠠ 65 ᠨᠠᠰᠤᠨ ᠤ ᠬᠤᠭᠤᠷᠣᠨᠳᠣᠬᠢ ᠨᠠᠰᠤᠨ ᠤ ᠬᠦᠮᠦᠰ ᠤᠨ ᠡᠵᠡᠯᠡᠬᠦ ᠬᠠᠷᠢᠴᠠᠯ ᠨᠢ 33.1 % ᠳᠤ ᠬᠦᠷᠴᠦ ᠪᠠᠶᠢᠬᠤ ᠪᠦᠭᠡᠳ ᠬᠠᠭᠤᠳᠠᠰᠤ ᠰᠢᠷᠪᠡᠵᠦ ᠵᠤᠭᠤᠰ ᠪᠤᠴᠠᠭᠠᠬᠤ᠂ ᠬᠤᠳᠠᠯ ᠬᠠᠭᠤᠷᠮᠠᠭ ᠰᠦᠯᠵᠢᠶᠡᠨ ᠤ ᠪᠡᠯᠡ ᠣᠷᠣᠭᠤᠯᠤᠯᠲᠠ ᠡᠳ᠋ ᠤᠨ ᠶᠠᠪᠤᠳᠠᠯ ᠤᠨ ᠬᠠᠮᠢᠶᠠᠷᠤᠯᠲᠠ᠂ ᠬᠤᠳᠠᠯ ᠬᠠᠭᠤᠷᠮᠠᠭ ᠪᠠᠷᠠᠭ᠎ᠠ ᠬᠤᠳᠠᠯᠳᠤᠨ ᠠᠪᠬᠤ ᠦᠢᠯᠡᠴᠢᠯᠡᠭᠡ᠂ ᠡᠯᠧᠺᠲᠷᠣᠨ ᠬᠤᠳᠠᠯᠳᠤᠭᠠᠨ ᠤ ᠪᠠᠷᠠᠭ᠎ᠠ ᠶᠢᠨ ᠬᠦᠢᠯᠭᠡᠭᠡᠨ ᠤ ᠦᠢᠯᠡᠴᠢᠯᠡᠭᠡ᠂ ᠬᠤᠳᠠᠯ ᠬᠠᠭᠤᠷᠮᠠᠭ ᠢᠶᠠᠷ ᠤᠯᠭᠤᠬᠤ ᠢᠲᠡᠭᠡᠮᠵᠢ ᠵᠡᠷᠭᠡ ᠪᠠᠶᠢᠩᠭᠤ ᠲᠣᠬᠢᠶᠠᠯᠳᠤᠳᠠᠭ 10 ᠵᠦᠢᠯ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠲᠥᠷᠥᠯ ᠬᠡᠯᠪᠡᠷᠢ ᠶᠢᠨ ᠬᠡᠷᠡᠭ 88.4 % ᠶᠢ ᠡᠵᠡᠯᠡᠪᠡ᠂ ᠡᠭᠦᠨ ᠳᠤ ᠬᠠᠭᠤᠳᠠᠰᠤ ᠰᠢᠷᠪᠢᠵᠦ ᠵᠤᠭᠤᠰ ᠪᠤᠴᠠᠭᠠᠬᠤ ᠲᠥᠷᠥᠯ ᠤᠨ ᠮᠡᠬᠡᠯᠡᠯ ᠨᠢ ᠬᠡᠮᠵᠢᠶ᠎ᠡ ᠪᠠᠷ ᠬᠠᠮᠤᠭ ᠤᠨ ᠶᠡᠭᠡ ᠪᠥᠭᠡᠳ ᠬᠤᠬᠢᠷᠠᠯ ᠢᠶᠠᠷ ᠬᠠᠮᠤᠭ ᠤᠨ ᠠᠷᠪᠢᠨ ᠮᠡᠬᠡᠯᠡᠯ ᠤᠨ ᠲᠥᠷᠥᠯ ᠪᠣᠯᠤᠨ᠎ᠠ᠂ ᠬᠤᠳᠠᠯ ᠬᠠᠭᠤᠷᠮᠠᠭ ᠰᠦᠯᠵᠢᠶᠡᠨ ᠤ ᠪᠠᠯᠠ ᠣᠷᠣᠭᠤᠯᠤᠯᠲᠠ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠥᠷᠥᠯ ᠤᠨ ᠮᠡᠬᠡᠯᠡᠯ ᠤᠨ ᠭᠡᠷᠡᠭ ᠤᠨ ᠬᠤᠬᠢᠷᠠᠯ ᠤᠨ ᠵᠣᠭᠤᠰ ᠤᠨ ᠲᠤᠭ᠎ᠠ ᠨᠢ ᠬᠠᠮᠤᠭ ᠤᠨ ᠶᠡᠭᠡ ᠪᠠᠶᠢᠵᠤ᠂ ᠬᠤᠳᠠᠯ ᠬᠠᠭᠤᠷᠮᠠᠭ ᠪᠠᠷᠠᠭ᠎ᠠ ᠬᠤᠳᠠᠯᠳᠤᠨ ᠠᠪᠬᠤ ᠦᠢᠯᠡᠴᠢᠯᠡᠭᠡ ᠶᠢᠨ ᠲᠥᠷᠥᠯ ᠤᠨ ᠮᠡᠬᠡᠯᠡᠯ ᠤᠨ ᠬᠡᠷᠡᠭ ᠤᠨ ᠬᠡᠮᠵᠢᠶ᠎ᠡ ᠨᠢ ᠢᠯᠡᠳᠲᠡ ᠨᠡᠮᠡᠭᠳᠡᠵᠦ᠂ ᠨᠢᠭᠡᠨᠲᠡ ᠭᠤᠷᠪᠠᠳᠤᠭᠠᠷ ᠲᠤ ᠣᠷᠣᠵᠠᠢ᠃
 
ᠢᠷᠡᠯᠲᠡ᠄ ᠠᠷᠡᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号