ᠴᠢᠬᠤᠯᠠ ᠶᠡᠭᠡ ᠠᠰᠢᠭ ᠲᠤᠰᠠ︕ ᠲᠠᠪᠤᠨ ᠰᠠᠯᠠᠭ᠎ᠠ ᠮᠥᠴᠢᠷ ᠠᠯᠪᠠᠨ ᠪᠢᠴᠢᠭ ᠪᠠᠭᠤᠯᠭᠠᠪᠠ︕ ᠡᠳᠡᠭᠡᠷ ᠬᠤᠲᠠᠳ ᠤᠨ ᠲᠡᠷᠭᠡ ᠬᠥᠰᠬᠡ ᠬᠤᠳᠠᠯᠳᠤᠨ ᠠᠪᠬᠤ  ᠬᠢᠵᠠᠭᠠᠷᠯᠠᠯ ᠢᠶᠠᠨ ᠠᠭᠤᠵᠢᠭᠤ ᠲᠠᠯᠪᠢᠬᠤ ᠶᠢ ᠵᠣᠷᠢᠭᠵᠢᠭᠤᠯᠤᠨ᠎ᠠ
ᠨᠡᠶᠢᠲᠡᠯᠡᠭᠰᠡᠨ ᠴᠠᠭ᠄
2024/6/26
      6 ᠰᠠᠷ᠎ᠠ ᠶᠢᠨ 24 ᠤ ᠡᠳᠦᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠰᠣᠶᠣᠯ ᠪᠠ ᠵᠢᠭᠤᠯᠴᠢᠯᠠᠯ ᠤᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠵᠡᠷᠭᠡ ᠰᠠᠯᠠᠭ᠎ᠠ ᠮᠥᠴᠢᠷ ︽ᠬᠡᠷᠡᠭᠯᠡᠭᠡ ᠶᠢᠨ ᠰᠢᠨ᠎ᠡ ᠪᠠᠶᠢᠳᠠᠯ ᠢ ᠪᠣᠶ ᠪᠣᠯᠭᠠᠵᠤ ᠬᠡᠷᠡᠭᠯᠡᠭᠡ ᠶᠢᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠬᠤ ᠲᠤᠬᠠᠶ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠪᠠ᠃      ︽ᠠᠷᠭ᠎ᠠ ᠬᠡᠮᠵᠢᠶ᠎ᠡ︾ ᠳᠤ ᠳᠤᠷᠠᠳᠤᠭᠰᠠᠨ ᠨᠢ᠄      ·ᠮᠠᠰᠢᠨ ᠲᠡᠷᠭᠡᠨ ᠤ ᠬᠡᠷᠡᠭᠯᠡᠭᠡ ᠶᠢᠨ ᠰᠢᠨ᠎ᠡ ᠪᠠᠶᠢᠳᠠᠯ ᠢ ᠪᠤᠢ ᠪᠤᠯᠭᠠᠵᠤ ᠥᠷᠭᠡᠳᠬᠡᠨ᠎ᠡ᠃      ·ᠬᠤᠳᠠᠯᠳᠤᠨ ᠠᠪᠬᠤ ᠶᠢ ᠬᠢᠵᠠᠭᠠᠷᠯᠠᠳᠠᠭ ᠬᠤᠳᠠᠳ ᠤᠨ ᠲᠡᠷᠭᠡ ᠬᠥᠰᠬᠡ ᠬᠤᠳᠠᠯᠳᠤᠨ ᠠᠪᠬᠤ ᠬᠢᠵᠠᠭᠠᠷᠯᠠᠯ ᠢᠶᠠᠨ ᠠᠭᠤᠵᠢᠭᠤ ᠲᠠᠯᠪᠢᠬᠤ ᠶᠢ ᠵᠣᠷᠢᠭᠵᠢᠭᠤᠯᠵᠤ᠂ ᠲᠡᠷᠭᠡ ᠬᠤᠳᠠᠯᠳᠤᠨ ᠠᠪᠬᠤ ᠬᠦᠢᠴᠡᠳᠭᠡᠯ ᠲᠤᠭ᠎ᠠ ᠶᠢ ᠨᠡᠮᠡᠭᠳᠡᠭᠦᠯᠤᠨ᠎ᠡ᠃      ·ᠲᠥᠪ ᠤᠨ ᠡᠳ᠋ ᠤᠨ ᠵᠠᠰᠠᠭ ᠪᠣᠯᠤᠨ ᠣᠷᠣᠨ ᠨᠤᠲᠤᠭ ᠤᠨ ᠵᠠᠰᠠᠭ ᠤᠨ ᠣᠷᠳᠣᠨ ᠬᠠᠮᠲᠤᠷᠠᠨ ᠬᠥᠳᠡᠯᠦᠯᠴᠡᠵᠦ ᠪᠠᠶᠢᠭᠠᠳ᠂ ᠪᠡᠯᠡ ᠮᠥᠩᠭᠦ ᠲᠣᠬᠢᠷᠠᠭᠤᠯᠤᠨ ᠨᠥᠬᠦᠴᠡᠯ ᠳᠤ ᠨᠡᠶᠢᠴᠡᠬᠦ ᠬᠠᠭᠤᠴᠢᠷᠬᠠᠰᠠᠨ ᠮᠠᠰᠢᠨ ᠲᠡᠷᠭᠡ ᠪᠠ ᠬᠠᠭᠤᠴᠢᠨ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢ ᠳᠡᠮᠵᠢᠨ᠎ᠡ᠃      ·ᠨᠥᠬᠦᠴᠡᠯ ᠲᠠᠢ ᠭᠠᠵᠠᠷ ᠣᠷᠣᠨ ᠨᠤᠭᠤᠳ ᠤᠨ ᠮᠠᠰᠢᠨ ᠲᠡᠷᠭᠡ ᠪᠠᠨ ᠰᠣᠯᠢᠵᠤ ᠰᠢᠨᠡᠳᠬᠡᠬᠦ ᠶᠢ ᠵᠣᠷᠢᠭᠵᠢᠭᠤᠯᠤᠨ᠎ᠡ᠃      ·ᠣᠯᠠᠨ ᠨᠡᠶᠢᠲᠡ ᠶᠢᠨ ᠬᠦᠷᠢᠶᠡᠨ ᠳᠠᠬᠢ ᠲᠡᠷᠭᠡ ᠬᠥᠰᠬᠡ ᠶᠢ ᠪᠥᠬᠦ ᠲᠠᠯ᠎ᠠ ᠪᠠᠷ ᠴᠠᠬᠢᠯᠭᠠᠨᠵᠢᠭᠤᠯᠬᠤ ᠶᠢ ᠤᠷᠢᠳ ᠢᠶᠠᠷ ᠬᠡᠷᠡᠭᠵᠢᠭᠦᠯᠬᠦ ᠣᠷᠣᠨ ᠤ ᠲᠤᠷᠰᠢᠯᠲᠠ ᠶᠢᠨ ᠬᠡᠪᠴᠢᠶ᠎ᠡ ᠶᠢ ᠥᠷᠭᠡᠳᠬᠡᠨ᠎ᠡ᠃      ·ᠠᠦ᠋ᠲ᠋ᠣ᠋ ᠵᠢᠯᠣᠭᠤᠳᠣᠯᠭ᠎ᠠ ᠶᠢᠨ ᠬᠤᠳᠠᠯᠳᠤᠭᠠᠴᠢᠯᠠᠭᠰᠠᠨ ᠡᠵᠡᠩᠨᠡᠯᠲᠡ ᠶᠢ ᠯᠠᠪᠳᠠᠭᠤᠨ ᠢᠶᠠᠷ ᠠᠬᠢᠭᠤᠯᠵᠤ᠂ ᠥᠨᠳᠥᠷ ᠲᠠᠰ ᠤᠨ ᠣᠶᠤᠨᠴᠢ ᠪᠠᠷ ᠲᠡᠷᠭᠡ ᠵᠢᠯᠣᠭᠤᠳᠬᠤ ᠰᠢᠨ᠎ᠡ ᠪᠠᠶᠢᠳᠠᠯ ᠢ ᠪᠣᠶ ᠪᠣᠯᠭᠠᠨ᠎ᠠ᠃     ·ᠣᠶᠤᠨᠴᠢ ᠮᠠᠰᠢᠨ ᠲᠡᠷᠭᠡ ᠶᠢᠨ ︽ᠲᠡᠷᠭᠡᠨ ᠵᠠᠮ ᠤᠨ ᠡᠭᠦᠯᠡᠨ ᠵᠠᠮ ᠨᠡᠪᠳᠡᠷᠡᠯᠭᠡ ᠶᠢᠨ ᠰᠢᠰᠲ᠋ᠧᠮ ᠢ ᠨᠢᠭᠡ ᠴᠣᠭᠴᠠᠵᠢᠭᠤᠯᠬᠤ︾ ᠬᠡᠷᠡᠭᠯᠡᠭᠡᠨ ᠤ ᠲᠤᠷᠰᠢᠯᠲᠠ ᠶᠢ ᠥᠷᠨᠢᠭᠦᠯᠦᠨ᠎ᠡ᠃·ᠬᠤᠲᠠ ᠶᠢᠨ ᠮᠠᠰᠢᠨ ᠲᠡᠷᠭᠡᠨ ᠤ ᠭᠦᠢᠯᠭᠡᠭᠡᠨ ᠤ ᠬᠡᠷᠡᠭᠯᠡᠭᠡᠨ ᠤ ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠦᠨ᠎ᠡ᠃      ·ᠮᠠᠰᠢᠨ ᠲᠡᠷᠭᠡᠨ ᠤ ᠤᠷᠤᠯᠳᠤᠭᠠᠨ ᠬᠢᠬᠦ᠂ ᠥᠪᠡᠷ ᠢᠶᠠᠨ ᠲᠡᠷᠭᠡ ᠵᠢᠯᠣᠭᠤᠳᠴᠤ ᠬᠡᠭᠡᠷ᠎ᠡ ᠪᠠᠭᠤᠳᠠᠯᠯᠠᠬᠤ᠂ ᠮᠠᠰᠢᠨ ᠲᠡᠷᠭᠡᠨ ᠤ ᠰᠣᠶᠣᠯ ᠢ ᠪᠡᠶᠡᠴᠢᠯᠡᠨ ᠣᠶᠢᠯᠠᠭᠠᠬᠤ᠂ ᠮᠠᠰᠢᠨ ᠲᠡᠷᠭᠡ ᠶᠢ ᠥᠭᠡᠷᠡᠴᠢᠯᠡᠨ ᠲᠣᠨᠣᠭᠯᠠᠬᠤ᠂ ᠮᠠᠰᠢᠨ ᠲᠡᠷᠭᠡ ᠲᠦᠷᠢᠶᠡᠰᠦᠯᠡᠬᠦ ᠵᠡᠷᠭᠡ ᠲᠠᠢ ᠤᠶᠠᠯᠳᠤᠭᠤᠯᠤᠨ᠂ ᠮᠠᠰᠢᠨ ᠲᠡᠷᠭᠡᠨ ᠤ ᠠᠷᠤ ᠳᠠᠬᠢ ᠵᠠᠬ᠎ᠠ ᠳᠡᠯᠭᠡᠭᠦᠷ ᠤᠨ ᠦᠢᠯᠡᠳᠬᠦᠨ ᠪᠠ ᠦᠢᠯᠡᠴᠢᠯᠡᠭᠡ ᠶᠢ ᠪᠠᠶᠠᠯᠢᠭᠵᠢᠭᠤᠯᠵᠤ᠂ ᠭᠠᠷ ᠳᠠᠮᠵᠢᠭᠰᠠᠨ ᠮᠠᠰᠢᠨ ᠲᠡᠷᠭᠡᠨ ᠤ ᠰᠠᠨᠠᠭ᠎ᠠ ᠠᠮᠤᠷ ᠪᠥᠭᠡᠳ ᠲᠥᠬᠦᠮ ᠠᠷᠠᠯᠵᠢᠶ᠎ᠠ ᠶᠢ ᠴᠢᠨᠠᠬᠰᠢᠳᠠ ᠠᠬᠢᠭᠤᠯᠤᠨ᠎ᠠ ᠭᠡᠵᠦ ᠲᠤᠳᠤᠷᠬᠠᠶᠢᠯᠠᠪᠠ᠃
 
ᠢᠷᠡᠯᠲᠡ᠄ ᠠᠷᠡᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号