ᠮᠠᠨᠳᠤᠯ ᠪᠣᠭᠤᠮᠲᠠ ᠶᠢᠨ ᠪᠣᠭᠤᠮᠲᠠ ᠪᠠᠷ ᠪᠠᠷᠠᠭ᠎ᠠ ᠥᠩᠭᠡᠷᠡᠬᠦ ᠬᠡᠮᠵᠢᠶ᠎ᠡ 400 ᠲᠦᠮᠡᠨ ᠲᠣᠨ ᠢ ᠳᠠᠪᠠᠪᠠ
ᠨᠡᠶᠢᠲᠡᠯᠡᠭᠰᠡᠨ ᠴᠠᠭ᠄
2024/6/28
      6 ᠰᠠᠷ᠎ᠠ ᠶᠢᠨ 28 ᠤ ᠡᠳᠦᠷ ᠪᠣᠯᠲᠠᠯ᠎ᠠ᠂ ᠮᠠᠨᠳᠤᠯ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 400 ᠲᠦᠮᠡᠨ ᠲᠣᠨ ᠢ ᠳᠠᠪᠠᠵᠤ᠂ ᠪᠠᠷᠠᠭ᠎ᠠ ᠥᠩᠭᠡᠷᠡᠬᠦ ᠬᠡᠮᠵᠢᠶ᠎ᠡ ᠶᠢ ᠪᠥᠬᠦ ᠨᠡᠶᠢᠲᠡ 400.36 ᠲᠦᠮᠡᠨ ᠲᠣᠨ ᠪᠡᠶᠡᠯᠡᠭᠦᠯᠵᠥ᠂ ᠠᠳᠠᠯᠢ ᠬᠤᠭᠤᠴᠠᠭᠠᠨ ᠤ ᠠᠴᠠ 66.3% ᠪᠠᠷ ᠨᠡᠮᠡᠭᠳᠡᠵᠦ᠂ ᠲᠡᠦᠬᠡ ᠶᠢᠨ ᠬᠠᠮᠤᠭ ᠤᠨ ᠥᠨᠳᠥᠷ ᠲᠡᠮᠳᠡᠭᠯᠡᠯ ᠢ ᠰᠢᠨᠡᠳᠬᠡᠵᠦ᠂ ᠳᠣᠭᠳᠠᠭᠰᠠᠨ ᠴᠠᠭ ᠤᠨ ᠡᠭᠦᠷᠭᠡ  ᠪᠠᠨ ᠤᠷᠢᠳᠴᠢᠯᠠᠨ ᠪᠡᠶᠡᠯᠡᠭᠦᠯᠪᠡ᠃      ᠡᠨᠡ ᠵᠢᠯ ᠠᠴᠠ ᠨᠠᠰᠢ᠂ ᠮᠠᠨᠳᠤᠯ ᠪᠣᠭᠤᠮᠲᠠ ︽ᠰᠤᠷᠲᠠᠯ ᠢᠶᠠᠨ ᠬᠤᠪᠢᠷᠠᠭᠤᠯᠤᠨ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠭᠦ ᠣᠷᠴᠢᠨ  ᠨᠥᠭᠦᠴᠡᠯ ᠢ ᠰᠢᠯᠢᠳᠡᠭᠵᠢᠭᠦᠯᠬᠦ︾ ᠭᠤᠤᠯ ᠰᠡᠳᠦᠪ ᠢ ᠪᠠᠷᠢᠮᠲᠠᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠪᠣᠭᠤᠮᠲᠠ ᠶᠢᠨ ᠬᠠᠮᠢᠶᠠᠷᠤᠯᠲᠠ ᠪᠠ  ᠦᠢᠯᠡᠴᠢᠯᠡᠭᠡᠨ ᠤ ᠲᠣᠭᠲᠠᠴᠠ ᠪᠠᠨ ᠰᠢᠯᠢᠳᠡᠭᠵᠢᠭᠦᠯᠵᠦ᠂ ᠪᠠᠷᠠᠭ᠎ᠠ ᠥᠩᠭᠡᠷᠡᠬᠦ ᠬᠡᠮᠵᠢᠶ᠎ᠡ ᠢᠯᠡᠳᠲᠡ ᠳᠡᠭᠡᠭᠰᠢᠯᠡᠬᠦ ᠳᠤ ᠬᠦᠴᠦᠲᠡᠶ ᠪᠠᠲᠤᠯᠠᠭ᠎ᠠ ᠬᠠᠩᠭᠠᠪᠠ᠃      ᠣᠯᠠᠨ ᠠᠷᠭ᠎ᠠ ᠵᠠᠮ ᠢᠶᠠᠷ ᠪᠠᠷᠠᠭ᠎ᠠ ᠶᠢᠨ ᠢᠷᠡᠯᠲᠡ ᠶᠢ ᠨᠡᠮᠡᠭᠳᠡᠭᠦᠯᠵᠥ᠂ ᠪᠣᠭᠤᠮᠲᠠ ᠪᠠᠷ ᠥᠩᠭᠡᠷᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠳᠤᠮᠳᠠᠳᠤ ᠮᠣᠩᠭᠤᠯ ᠤᠨ ᠮᠠᠨᠳᠤᠯ - ᠬᠠᠩᠵᠢ ᠬᠢᠯᠢ ᠶᠢᠨ ᠪᠣᠭᠤᠮᠲᠠ ᠶᠢᠨ ᠨᠡᠶᠢᠭᠡᠮ ᠠᠵᠤ ᠠᠬᠤᠶ ᠶᠢᠨ ᠬᠥᠭᠵᠢᠯᠲᠡ᠂ ᠭᠠᠳᠠᠭᠠᠳᠤ ᠰᠣᠯᠢᠯᠴᠠᠭᠠᠨ ᠤ ᠠᠵᠢᠯ᠂ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠨᠡᠮᠡᠭᠳᠡᠭᠦᠯᠬᠦ᠂ ᠬᠢᠯᠢ ᠶᠢᠨ ᠵᠢᠭᠤᠯᠴᠢᠯᠠᠯ ᠢ ᠬᠥᠭᠵᠢᠭᠦᠯᠬᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ - ᠮᠣᠩᠭᠤᠯ ᠤᠯᠤᠰ ᠤᠨ ᠵᠡᠭᠦᠨ ᠭᠤᠪᠢ ᠶᠢᠨ ᠣᠯᠠᠨ ᠤᠯᠤᠰ ᠤᠨ ᠠᠶᠠᠨᠴᠢᠳ ᠤᠨ ᠲᠡᠭᠡᠭᠡᠪᠦᠷᠢ ᠶᠢᠨ ᠵᠠᠮ ᠱᠤᠭᠤᠮ ᠢ ᠴᠢᠩᠭᠠᠳᠬᠠᠬᠤ ᠵᠡᠷᠭᠡ ᠲᠠᠯ᠎ᠠ ᠪᠠᠷ ᠮᠣᠩᠭᠤᠯ ᠤᠯᠤᠰ ᠤᠨ ᠵᠡᠭᠦᠨ ᠭᠤᠪᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ︽ᠮᠠᠨᠳᠤᠯ ᠪᠣᠭᠤᠮᠲᠠ+ ᠬᠠᠮᠲᠤᠷᠠᠨ ᠪᠠᠶᠢᠴᠠᠭᠠᠬᠤ ᠰᠠᠯᠠᠭ᠎ᠠ ᠮᠥᠴᠢᠷ +ᠠᠵᠤ ᠠᠬᠤᠶᠢᠯᠠᠯ︾ ᠤᠨ ᠪᠠᠶᠢᠩᠭᠤᠵᠢᠭᠰᠠᠨ ᠶᠠᠷᠢᠯᠴᠠᠬᠤ ᠬᠤᠷᠠᠯ ᠤᠨ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠠᠵᠤ ᠠᠬᠤᠶᠢᠯᠠᠯ ᠳᠤ ᠦᠢᠯᠡᠴᠢᠯᠡᠬᠦ ᠶᠢ ᠰᠢᠯᠢᠳᠡᠭᠵᠢᠭᠦᠯᠦᠨ᠎ᠡ᠃      ᠪᠣᠭᠤᠮᠲᠠ ᠶᠢᠨ ᠪᠠᠷᠠᠭᠠᠨ ᠤ ᠭᠦᠢᠯᠭᠡᠭᠡ ᠶᠢᠨ ᠳᠠᠪᠠᠭᠤᠯᠢᠭ ᠢ ᠪᠠᠳᠠᠷᠠᠭᠤᠯᠤᠨ᠂ ᠭᠠᠳᠠᠭᠠᠳᠤ ᠠᠷᠠᠯᠵᠢᠶ᠎ᠠ ᠶᠢᠨ ᠨᠥᠯᠥᠭᠡᠯᠡᠨ ᠬᠥᠭᠵᠢᠭᠦᠯᠬᠦ ᠴᠢᠳᠠᠪᠤᠷᠢ ᠶᠢ ᠲᠠᠰᠤᠷᠠᠯᠲᠠ ᠤᠢᠭᠡᠢ ᠨᠡᠮᠡᠭᠳᠡᠭᠦᠯᠦᠨ᠎ᠡ᠃ ᠮᠠᠨᠳᠤᠯ ᠪᠣᠭᠤᠮᠲᠠ ᠶᠢᠨ ᠣᠯᠠᠨ ᠤᠯᠤᠰ ᠤᠨ ᠵᠠᠰᠠᠮᠠᠯ ᠵᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠲᠣᠭᠤᠷᠢᠭ ᠤᠨ ᠲᠥᠷᠥᠯ ᠵᠦᠢᠯ ᠤᠨ ᠪᠠᠶᠢᠭᠤᠯᠤᠯᠲᠠ ᠶᠢ ᠠᠬᠢᠭᠤᠯᠵᠤ᠂ ᠲᠡᠷᠭᠡᠨ ᠠᠩᠭᠢ ᠳᠤ ᠲᠡᠷᠭᠡ ᠵᠣᠭᠰᠣᠭᠠᠵᠤ ᠬᠤᠨᠣᠬᠤ᠂ ᠮᠠᠰᠢᠨ ᠰᠡᠯᠪᠢᠨ ᠵᠠᠰᠠᠬᠤ᠂ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡ ᠵᠡᠷᠭᠡ ᠢᠵᠢ ᠪᠥᠷᠢᠳᠥᠭᠦᠯᠥᠭᠰᠡᠨ ᠦᠢᠯᠡᠴᠢᠯᠡᠭᠡᠨ ᠤ ᠴᠢᠳᠠᠮᠵᠢ ᠶᠢ ᠬᠠᠩᠭᠠᠪᠠ︔ H986 ᠲᠣᠮᠣ ᠬᠡᠯᠪᠡᠷᠢ ᠶᠢᠨ ᠴᠢᠩᠭᠡᠯᠢᠭ ᠮᠠᠰᠢᠨ ᠪᠠᠶᠢᠴᠠᠭᠠᠬᠤ ᠵᠠᠮ ᠵᠢᠴᠢ ᠣᠨᠴᠠᠭᠠᠢ ᠪᠠᠶᠢᠴᠠᠭᠠᠨ ᠰᠢᠯᠭᠠᠬᠤ ᠵᠠᠮ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠪᠠᠷᠠᠭ᠎ᠠ ᠶᠢ ᠪᠠᠶᠢᠴᠠᠭᠠᠨ ᠰᠢᠯᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠣᠭᠤᠮᠲᠠ ᠪᠠᠷ ᠥᠩᠭᠡᠷᠡᠬᠦ ᠴᠠᠭ ᠢ ᠪᠣᠭᠤᠨᠢᠰᠬᠠᠪᠠ᠃ 6 ᠰᠠᠷ᠎ᠠ ᠶᠢᠨ 25 ᠤ ᠡᠳᠦᠷ ᠪᠣᠯᠲᠠᠯ᠎ᠠ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠲᠤᠭ᠎ᠠ 40 ᠳ᠋ᠦᠩᠰᠢᠭᠤᠷ ᠲᠥᠭᠦᠷᠢᠭ ᠢ ᠳᠠᠪᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠠᠴᠠ 38% ᠪᠠᠷ ᠨᠡᠮᠡᠭᠳᠡᠨ᠂ ᠲᠡᠤᠬᠡ ᠶᠢᠨ ᠠᠳᠠᠯᠢ ᠬᠤᠭᠤᠴᠠᠭᠠᠨ ᠤ ᠰᠢᠨ᠎ᠡ ᠲᠡᠮᠳᠡᠭᠯᠡᠯ ᠢ ᠡᠭᠦᠳᠪᠡ᠃      ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠬᠥᠮᠥᠷᠭᠡᠯᠡᠨ ᠬᠠᠳᠠᠭᠠᠯᠠᠬᠤ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠦᠨ᠎ᠡ᠃ ᠤᠯᠤᠰ ᠤᠨ ᠬᠠᠳᠠᠭᠠᠯᠠᠮᠵᠢ ᠶᠢᠨ ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠠᠰᠢᠭᠯᠠᠯᠲᠠ ᠳᠤ ᠣᠷᠣᠪᠠ︔ ᠤᠶᠤᠨᠲᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ︵ᠨᠢᠭᠡᠳᠦᠭᠡᠷ ᠬᠤᠭᠤᠴᠠᠭ᠎ᠠ︶ ᠤᠨ ᠲᠥᠷᠥᠯ ᠵᠦᠢᠯ 6 ᠰᠠᠷ᠎ᠠ ᠳᠠᠷᠠᠭᠠᠯᠠᠨ ᠪᠣᠭᠤᠮᠲᠠ ᠶᠢ ᠪᠢᠲᠡᠭᠦᠮᠵᠢᠯᠡᠨ ᠡᠵᠡᠩᠨᠡᠬᠦ ᠶᠢ ᠪᠡᠶᠡᠯᠡᠭᠦᠯᠵᠦ ᠂ ᠪᠣᠭᠤᠮᠲᠠ ᠨᠡᠭᠡᠭᠡᠭᠰᠡᠨ  ᠨᠠᠭᠠᠰᠢᠬᠢ ᠵᠥᠪᠬᠡᠨ ᠨᠢᠭᠡ ᠬᠢᠨᠠᠨ ᠬᠠᠮᠢᠶᠠᠷᠬᠤ ᠲᠠᠯᠠᠪᠤᠷ ᠲᠠᠢ ᠪᠠᠶᠢᠳᠠᠭ ᠲᠡᠤᠬᠡ ᠶᠢ ᠡᠴᠦᠰᠯᠡᠭᠦᠯᠪᠡ︔ 6 ᠰᠠᠷ᠎ᠠ ᠶᠢᠨ 17 ᠤ ᠡᠳᠦᠷ᠂ ᠮᠠᠨᠳᠤᠯ ᠪᠣᠭᠤᠮᠲᠠ ᠶᠢᠨ ᠨᠢᠭᠡ ᠡᠳᠦᠷ ᠤᠨ ᠪᠠᠷᠠᠭ᠎ᠠ ᠥᠩᠭᠡᠷᠡᠬᠦ ᠬᠡᠮᠵᠢᠶ᠎ᠡ 50718.83 ᠲᠣᠨ ᠬᠦᠷᠴᠦ᠂ ᠠᠩᠬ᠎ᠠ ᠤᠳᠠᠭ᠎ᠠ 5 ᠲᠦᠮᠡᠨ ᠲᠣᠨ ᠪᠣᠭᠤᠮᠲᠠ ᠶᠢ ᠳᠠᠪᠠᠵᠤ᠂ ᠪᠣᠭᠤᠮᠲᠠ ᠨᠡᠭᠡᠭᠡᠭᠰᠡᠨ  ᠨᠠᠭᠠᠰᠢᠬᠢ ᠨᠢᠭᠡ ᠡᠳᠦᠷ ᠤᠨ ᠪᠠᠷᠠᠭ᠎ᠠ ᠥᠩᠭᠡᠷᠡᠬᠦ ᠬᠡᠮᠵᠢᠶᠡᠨ ᠤ ᠰᠢᠨ᠎ᠡ ᠲᠡᠮᠳᠡᠭᠯᠡᠯ ᠢ ᠡᠭᠦᠳᠪᠡ᠃      ᠳᠣᠤᠷ᠎ᠠ ᠬᠠᠭᠠᠰ ᠵᠢᠯ ᠳᠤ᠂ ᠮᠠᠨᠳᠤᠯ ᠪᠣᠭᠤᠮᠲᠠ ᠪᠣᠭᠤᠮᠲᠠ ᠶᠢᠨ ᠨᠡᠪᠲᠡᠷᠡᠬᠦ ᠵᠠᠮ᠂ ᠬᠤᠯᠪᠤᠭᠠᠰᠤ᠂ ᠲᠠᠪᠴᠠᠩ ᠂ ᠴᠣᠩᠬᠤ ᠵᠡᠷᠭᠡ ᠳᠥᠷᠪᠡᠨ ᠶᠡᠭᠡ ᠴᠢᠳᠠᠮᠵᠢ ᠶᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠪᠣᠭᠤᠮᠲᠠ ᠪᠠᠷ ᠥᠩᠭᠡᠷᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠵᠤ᠂ 1000 ᠲᠦᠮᠡᠨ ᠲᠣᠨ ᠤ ᠬᠠᠷᠠᠯᠲᠠ ᠡᠭᠦᠷᠭᠡ ᠳᠤ ᠬᠥᠷᠭᠦ ᠪᠠᠷ ᠬᠦᠴᠦᠯᠡᠨ ᠰᠢᠪᠲᠤᠯᠤᠯᠲᠠ ᠬᠢᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠣᠭᠴᠠᠯᠠᠬᠤ ᠳᠤ ᠮᠠᠨᠳᠤᠯ ᠪᠣᠭᠤᠮᠲᠠ ᠶᠢᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号