ᠱᠢ ᠵᠦᠩ ᠴᠢᠨ ᠬᠠᠰᠠᠷ ᠪᠠᠭᠤᠳᠠᠯ ᠤᠨ ᠪᠠᠷᠢᠯᠭ᠎ᠠ ᠶᠢᠨ ᠪᠠᠶᠢᠳᠠᠯ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/28
      6 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠱᠢ ᠵᠥᠩ ᠴᠢᠨ ᠬᠠᠰᠠᠷ ᠪᠠᠭᠤᠳᠠᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠪᠠᠭᠤᠳᠠᠯ ᠤᠨ ᠪᠠᠷᠢᠯᠭ᠎ᠠ ᠶᠢᠨ ᠠᠬᠢᠴᠠ ᠵᠡᠷᠭᠡ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃      ᠱᠢ ᠵᠦᠩ ᠴᠢᠨ ᠴᠢᠬᠤᠯᠠᠴᠢᠯᠠᠭᠰᠠᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠨᠢᠭᠡᠳᠦᠯᠲᠡᠢ ᠵᠢᠯᠣᠭᠤᠳᠬᠤ᠂ ᠠᠵᠢᠯ ᠬᠤᠪᠢᠶᠠᠷᠢᠯᠠᠨ ᠬᠠᠷᠢᠭᠤᠴᠠᠬᠤ ᠵᠠᠷᠴᠢᠮ ᠶᠣᠰᠣᠭᠠᠷ᠂ ᠪᠠᠭᠤᠳᠠᠯ ᠤᠨ ᠳᠣᠲᠣᠭᠠᠳᠤ ᠶᠢᠨ ᠵᠠᠰᠠᠵᠤ ᠴᠢᠮᠡᠭᠯᠡᠬᠦ᠂ ᠭᠠᠳᠠᠷ ᠬᠦᠷᠢᠶ᠎ᠡ ᠪᠠᠨ ᠭᠤᠶᠤᠵᠢᠭᠤᠯᠬᠤ ᠪᠠ ᠴᠢᠬᠤᠯᠠ ᠡᠯᠧᠮᠧᠨ᠋ᠲ ᠤᠨ ᠪᠠᠲᠤᠯᠠᠭ᠎ᠠ ᠵᠡᠷᠭᠡ ᠠᠵᠢᠯ ᠢ ᠰᠠᠶᠢᠲᠤᠷ ᠠᠳᠬᠤᠵᠤ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ ᠠᠬᠢᠴᠠ ᠶᠢ ᠲᠦᠷᠭᠡᠳᠬᠡᠵᠦ᠂ ᠶᠠᠰᠤ ᠴᠢᠨᠠᠷ ᠢ ᠪᠠᠲᠤᠯᠠᠵᠤ᠂ ᠵᠣᠴᠢᠳ ᠤᠨ ᠪᠠᠭᠤᠳᠠᠯ ᠢ ᠲᠣᠭᠲᠠᠭᠰᠠᠨ ᠬᠤᠭᠤᠴᠠᠭᠠᠨ ᠳᠤ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃ ᠠᠮᠤᠷ ᠲᠦᠪᠰᠢᠨ ᠤ ᠤᠬᠠᠮᠰᠠᠷ᠂ ᠤᠯᠠᠭᠠᠨ ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃      ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号