ᠵᠢᠶᠠ ᠪᠦᠦ ᠯᠢᠶᠠᠩ ᠹᠧᠩ ᠶᠢᠨ ᠬᠤ᠋ ᠨᠠᠷ ᠲᠠᠢ ᠠᠭᠤᠯᠵᠠᠵᠤ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/6/28
      6 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠹᠧᠩ ᠶᠢᠨ ᠬᠤ᠋ ᠨᠠᠷ ᠲᠠᠢ ᠠᠭᠤᠯᠵᠠᠭᠰᠠᠨ ᠪᠥᠭᠡᠳ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠠᠪᠤᠳᠠᠯ ᠤᠨ ᠲᠤᠬᠠᠶ ᠶᠠᠷᠢᠯᠴᠠᠨ ᠰᠣᠯᠢᠯᠴᠠᠵᠤ᠂ ᠣᠶᠢᠯᠭᠠᠯᠴᠠᠨ ᠵᠥᠪᠳᠡᠯᠴᠡᠪᠡ᠃ ᠬᠤᠰᠢᠭᠤᠨ ᠤ ᠤᠳᠤᠷᠢᠳᠤᠯᠭ᠎ᠠ ᠬᠠᠨ ᠮᠢᠨ᠂ ᠶᠠᠨ ᠴᠦᠨ ᠯᠸᠢ᠂ ᠸᠠᠩ ᡁᠢ ᠶᠦᠩ ᠂ ᠰᠦᠨ ᠿᠢ ᠴᠢᠩ ᠶᠠᠷᠢᠯᠴᠠᠬᠤ ᠬᠤᠷᠠᠯ ᠳᠤ ᠣᠷᠣᠯᠴᠠᠪᠠ᠃      ᠵᠢᠶᠠ ᠪᠦᠦ ᠯᠢᠶᠠᠩ ᠵᠢᠭᠠᠵᠤ ᠭᠠᠷᠭᠠᠭᠰᠠᠨ ᠨᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠨᠧᠷᠭᠢ ᠂ ᠡᠬᠢ ᠪᠠᠶᠠᠯᠢᠭ ᠵᠢᠴᠢ ᠣᠷᠣᠨ ᠪᠠᠶᠢᠷᠢ ᠶᠢᠨ ᠳᠠᠪᠠᠭᠤᠯᠢᠭ ᠢᠯᠡᠳᠲᠡ ᠪᠠᠶᠢᠵᠤ᠂ ᠣᠳᠣᠬᠠᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠰᠢᠨ᠎ᠡ ᠡᠨᠧᠷᠭᠢ ᠪᠠᠷ ᠲᠤᠯᠭᠠᠭᠤᠷᠢᠯᠠᠯ ᠪᠣᠯᠭᠠᠵᠤ᠂ ᠹᠯᠣᠷ ᠤᠨ ᠴᠠᠬᠢᠭᠤᠷ ᠤᠨ ᠰᠢᠨ᠎ᠡ ᠮᠠᠲ᠋ᠧᠷᠢᠶᠠᠯ᠂ ᠤᠰᠤᠲᠥ᠋ᠷᠥᠭᠴᠢ ᠶᠢᠨ ᠡᠨᠧᠷᠭᠢ ᠬᠠᠳᠠᠭᠠᠯᠠᠬᠤ᠂ ᠪᠣᠬᠢᠷᠲᠤᠯ ᠥᠬᠡᠶ ᠲᠡᠮᠦᠷᠯᠢᠭ ᠪᠣᠯᠪᠠᠰᠤᠷᠠᠭᠤᠯᠬᠤ ᠪᠠᠷ ᠭᠤᠤᠯᠳᠠᠯᠭ᠎ᠠ ᠪᠣᠯᠭᠠᠭᠰᠠᠨ ᠠᠵᠤ ᠦᠢᠯᠡᠰ ᠤᠨ ᠰᠦᠷᠦᠭᠵᠢᠯ ᠢ ᠬᠦᠴᠦᠯᠡᠨ ᠪᠠᠶᠢᠭᠤᠯᠵᠤ᠂ ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ᠂ ᠮᠢᠩᠭᠠᠨ ᠳ᠋ᠦᠩᠰᠢᠭᠤᠷ ᠲᠥᠭᠦᠷᠢᠭ ᠤᠨ ᠲᠠᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠮᠢᠩᠭᠠᠨ ᠲᠦᠮᠡᠨ ᠲᠣᠨ ᠤ ᠲᠠᠰ ᠤᠨ ᠠᠷᠠᠯᠵᠢᠶᠠᠨ ᠤ ᠪᠣᠭᠤᠮᠲᠠ ᠶᠢ ᠪᠠᠶᠢᠭᠤᠯᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠠᠵᠢᠯ ᠮᠡᠷᠭᠡᠵᠢᠯ ᠤᠨ ᠪᠣᠯᠪᠠᠰᠤᠷᠠᠯ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠬᠦᠷᠢᠶᠡᠨ ᠳᠤ ᠭᠦᠨ ᠳᠡᠰ ᠳᠠᠪᠬᠤᠷᠭ᠎ᠠ ᠶᠢᠨ ᠬᠠᠮᠲᠤᠷᠠᠯᠴᠠᠭ᠎ᠠ ᠬᠢᠵᠦ᠂ ᠡᠯ᠎ᠡ ᠰᠠᠯᠠᠭ᠎ᠠ ᠮᠥᠴᠢᠷ ᠤᠳ ᠡᠬᠢᠯᠡᠯᠳᠡ ᠶᠢᠨ ᠬᠤᠭᠤᠴᠠᠭᠠᠨ  ᠳᠤ ᠲᠣᠭᠲᠠᠭᠰᠠᠨ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠬᠡᠯᠡᠯᠴᠡᠭᠡᠷ ᠢ ᠵᠦᠢᠯ ᠳᠠᠷᠠᠭᠠᠯᠠᠨ ᠲᠦᠷᠭᠡᠬᠡᠨ ᠨᠠᠶᠢᠳᠠᠪᠤᠷᠢᠵᠢᠭᠤᠯᠬᠤ ᠬᠡᠷᠡᠭᠲᠡᠶ᠃ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠡᠩ ᠤᠯᠠᠨ ᠰᠢᠨᠵᠢᠯᠡᠬᠦ ᠤᠬᠠᠭᠠᠨ ᠤ ᠰᠤᠳᠤᠯᠭᠠᠨ ᠪᠠ ᠴᠢᠳᠠᠪᠤᠷᠢᠲᠠᠨ ᠤ ᠡᠬᠢ ᠪᠠᠶᠠᠯᠢᠭ ᠤᠨ ᠪᠠᠶᠢᠷᠢᠰᠢᠭᠤᠯᠤᠯᠲᠠ ᠪᠠᠨ ᠲᠠᠷᠬᠠᠨ ᠮᠤᠤᠮᠢᠩᠭᠠᠨ ᠤᠷᠤᠭᠤ ᠢᠯᠡᠭᠦᠥ ᠬᠠᠨᠳᠤᠭᠤᠯᠵᠤ᠂ ︽ᠦᠢᠯᠡᠳᠪᠦᠷᠢᠯᠡᠯ ᠰᠤᠷᠭᠠᠯᠲᠠ ᠰᠤᠳᠤᠯᠭᠠᠨ ᠬᠡᠷᠡᠭᠯᠡᠯᠲᠡ︾ ᠶᠢᠨ ᠭᠦᠨᠵᠡᠭᠡᠢ ᠠᠭᠤᠰᠤᠯᠴᠠᠯ ᠤᠨ ᠲᠣᠭᠲᠠᠴᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠰᠢᠨ᠎ᠡ ᠬᠡᠪ ᠳᠠᠭᠤᠷᠢᠶᠠᠯ ᠢ ᠡᠭᠦᠳᠴᠦ᠂ ᠲᠠᠷᠬᠠᠨ ᠮᠤᠤᠮᠢᠩᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠤᠯᠠᠮ ᠴᠢᠨᠠᠭᠰᠢᠳᠠ ᠲᠦᠷᠭᠡᠳᠬᠡᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠴᠢᠳᠠᠪᠤᠷᠢᠲᠠᠨ ᠤ ᠲᠤᠯᠭᠠᠭᠤᠷᠢᠯᠠᠯ ᠪᠠ ᠤᠶᠤᠨ ᠤ ᠳᠡᠮᠵᠢᠯᠭᠡ ᠬᠠᠩᠭᠠᠬᠤ ᠶᠢ ᠬᠦᠰᠡᠵᠦ ᠪᠠᠶᠢᠨ᠎ᠠ ᠭᠡᠵᠡᠢ᠃      ᠹᠧᠩ ᠶᠢᠨ ᠬᠤ᠋ ᠳᠡᠭᠡᠳᠦ ᠰᠤᠷᠭᠠᠭᠤᠯᠢ ᠶᠢᠨ ᠬᠥᠭᠵᠢᠯᠲᠡ ᠶᠢᠨ ᠲᠡᠦᠬᠡ᠂ ᠰᠤᠷᠭᠠᠭᠤᠯᠢ ᠡᠷᠬᠢᠯᠡᠬᠦ ᠬᠡᠪᠴᠢᠶ᠎ᠡ᠂ ᠪᠠᠭᠰᠢ ᠶᠢᠨ ᠬᠦᠴᠦᠨ ᠵᠢᠴᠢ ᠤᠨᠴᠠᠯᠢᠬᠳᠤ ᠰᠢᠨᠵᠢᠯᠡᠭᠡᠨ ᠤ ᠰᠠᠯᠠᠭ᠎ᠠ ᠶᠢ ᠲᠠᠨᠢᠯᠴᠠᠭᠤᠯᠪᠠ᠃  ᠵᠠᠯᠭᠠᠭᠠᠳ ᠲᠤᠰ ᠤᠳᠠᠭ᠎ᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠢᠷᠡᠵᠦ᠂ ᠬᠤᠶᠠᠷ ᠲᠠᠯ᠎ᠠ ᠪᠠᠷ ᠢᠶᠠᠨ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠵᠥᠪᠯᠡᠯᠴᠡᠭᠡᠷ ᠤᠨ ᠲᠦᠷᠦᠯ ᠵᠦᠢᠯ ᠢ ᠭᠦᠨᠵᠡᠭᠡᠢ ᠤᠶᠢᠯᠭᠠᠯᠴᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ  ᠪᠠ ᠠᠵᠤ ᠦᠢᠯᠡᠰ ᠰᠤᠷᠭᠠᠨ ᠬᠥᠮᠦᠵᠢᠯ ᠢ ᠠᠭᠤᠰᠤᠯᠴᠠᠭᠤᠯᠬᠤ᠂  ᠰᠤᠳᠤᠯᠭᠠᠨ ᠤ ᠦᠷ᠎ᠡ ᠪᠦᠲᠦᠭᠡᠯ ᠢ  ᠪᠤᠳᠠᠳᠠᠶᠢᠵᠢᠭᠤᠯᠬᠤ᠂ ᠲᠡᠭᠦᠰᠬᠦ ᠤᠶᠤᠲᠠᠳ ᠤᠨ ᠠᠵᠢᠯ ᠣᠯᠭᠤᠯᠲᠠ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠬᠢᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠠᠬᠤᠢ ᠶᠢᠨ ᠬᠥᠭᠵᠢᠯᠲᠡ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠳᠠᠷᠠᠭ᠎ᠠ ᠨᠢ᠂ ᠰᠤᠷᠭᠠᠭᠤᠯᠢ ᠪᠠ ᠣᠷᠣᠨ ᠨᠤᠲᠤᠭ ᠬᠤᠶᠠᠷ ᠲᠠᠯ᠎ᠠ ᠪᠠᠷ ᠢᠶᠠᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠵᠠᠬᠢᠶᠠᠯᠠᠭ᠎ᠠ ᠶᠢᠨ ᠠᠩᠭᠢ ᠶᠢᠨ ᠵᠢᠭᠠᠨ ᠰᠤᠷᠭᠠᠯᠲᠠ᠂ ᠮᠠᠯᠴᠢᠨ ᠲᠠᠷᠢᠶᠠᠴᠢᠨ ᠤ ᠪᠣᠯᠪᠠᠰᠤᠷᠠᠯ᠂ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠭᠦᠨᠵᠡᠭᠡᠶ ᠰᠣᠯᠢᠯᠴᠠᠪᠠ ᠃ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ᠂ ᠰᠤᠷᠤᠯᠭ᠎ᠠ ᠶᠢᠨ ᠰᠠᠯᠪᠤᠷᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠠᠵᠢᠯᠯᠠᠭ᠎ᠠ ᠳᠤ ᠣᠷᠣᠯᠴᠠᠵᠠᠶ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号