ᠨᠠᠮ ᠪᠠᠶᠢᠭᠤᠯᠤᠭᠳᠠᠭᠰᠠᠨ103 ᠵᠢᠯ ᠤᠨ ᠣᠢ ᠶᠢ ᠪᠢᠳᠡ ᠢᠩᠭᠢᠵᠦ ᠪᠡᠯᠭᠡᠯᠡᠪᠠ︕
ᠨᠡᠶᠢᠲᠡᠯᠡᠭᠰᠡᠨ ᠴᠠᠭ᠄
2024/6/29
      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠵᠦ᠂ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ ᠶᠢᠨ ᠲᠥᠯᠥᠭᠡ᠂ ᠣᠶᠢᠷ᠎ᠠ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠯ᠎ᠡ ᠰᠠᠯᠠᠭ᠎ᠠ ᠮᠥᠴᠢᠷ ᠨᠢᠭᠡᠴᠡ ᠪᠣᠯᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠥᠷᠲᠡᠭᠡ ︽ᠲᠤᠯᠤᠭᠠᠨ ᠰᠠᠷ᠎ᠠ ᠶᠢᠨ ᠨᠢᠭᠡᠨ︾ ᠢ ᠪᠡᠯᠭᠡᠯᠡᠬᠦ ᠠᠯᠢ ᠣᠯᠠᠨ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠮ ᠤᠨ ᠬᠡᠷᠡᠯ ᠰᠠᠴᠤᠷᠠᠩᠭᠤᠶ ᠥᠩᠭᠡᠷᠡᠯᠲᠡ ᠶᠢ ᠡᠷᠭᠢᠴᠡᠭᠦᠯᠵᠦ᠂ ᠨᠠᠮ ᠤᠨ ᠠᠭᠤᠤ ᠶᠡᠭᠡ ᠠᠮᠵᠢᠯᠲᠠ ᠪᠦᠲᠦᠮᠵᠢ ᠶᠢ ᠮᠠᠭᠲᠠᠨ ᠳᠠᠭᠤᠯᠠᠵᠤ᠂ ᠨᠠᠮ ᠤᠨ ᠲᠥᠷᠥᠭᠰᠡᠨ ᠡᠳᠦᠷ ᠢ ᠬᠠᠮᠲᠤ ᠪᠠᠷ ᠪᠡᠯᠭᠡᠯᠡᠪᠡ᠃      ᠤᠮᠠᠷᠠᠲᠤ ᠬᠢᠯᠢ ᠶᠢᠨ ᠬᠠᠮᠲᠤᠷᠠᠭᠰᠠᠨ ᠨᠠᠮ ᠤᠨ ᠬᠤᠷᠢᠶ᠎ᠠ      6 ᠰᠠᠷ᠎ᠠ ᠶᠢᠨ 26 ᠤ ᠡᠳᠦᠷ᠂ ᠤᠮᠠᠷᠠᠲᠤ ᠬᠢᠯᠢ ᠶᠢᠨ ᠬᠠᠮᠲᠤᠷᠠᠭᠰᠠᠨ‌ᠨᠠᠮ ᠤᠨ ᠬᠤᠷᠢᠶ᠎ᠠ ︽ᠰᠡᠳᠬᠢᠯ ᠨᠢᠭᠡᠳᠦᠨ ᠡᠷᠡᠯᠬᠡᠭᠯᠡᠨ ᠤᠷᠤᠭᠰᠢᠯᠠᠬᠤ︾ ᠪᠠᠷ ᠭᠤᠣᠯ ᠰᠡᠳᠦᠪ ᠪᠣᠯᠭᠠᠵᠤ᠂ ︽ᠲᠤᠯᠤᠭᠠᠨ ᠰᠠᠷ᠎ᠠ ᠶᠢᠨ ᠨᠢᠭᠡᠨ︾  ᠢ ᠪᠠᠶᠠᠷᠯᠠᠨ ᠤᠭᠲᠤᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠤᠮᠠᠷᠠᠲᠤ ᠬᠢᠯᠢ ᠶᠢᠨ ᠬᠠᠮᠲᠤᠷᠠᠭᠰᠠᠨ ᠨᠠᠮ ᠤᠨ ᠬᠤᠷᠢᠶ᠎ᠠ ᠶᠢᠨ ᠡᠯ᠎ᠡ ᠪᠦᠷᠢᠯᠳᠦᠬᠦᠨ ᠨᠢᠭᠡᠴᠡ ᠶᠢᠨ ᠨᠠᠮ ᠤᠨ ᠭᠡᠰᠢᠭᠦᠨ ᠺᠠᠳ᠋ᠷ᠂ ᠮᠠᠯᠴᠢᠨ ᠨᠠᠮ ᠤᠨ ᠭᠡᠰᠢᠭᠦᠳ ᠤᠮᠠᠷᠠᠲᠤ ᠶᠢᠨ ᠬᠤᠪᠢᠰᠬᠠᠯ ᠤᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠳᠤ ᠬᠦᠷᠴᠦ᠂ ᠭᠠᠯ ᠤᠯᠠᠭᠠᠨ ᠨᠠᠮ ᠤᠨ ᠲᠤᠭ ᠤᠨ ᠡᠮᠦᠨ᠎ᠡ᠂ ᠨᠠᠮ ᠳᠤ ᠣᠷᠣᠬᠤ ᠲᠠᠩᠭᠠᠷᠢᠭ ᠢᠶᠠᠨ ᠳᠠᠬᠢᠨ ᠬᠢᠪᠡ᠃ ᠳᠠᠷᠠᠭ᠎ᠠ ᠨᠢ᠂ ᠤᠮᠠᠷᠠᠲᠤ ᠬᠢᠯᠢ ᠶᠢᠨ ᠬᠠᠮᠲᠤᠷᠠᠭᠰᠠᠨ ᠨᠠᠮ ᠤᠨ ᠬᠤᠷᠢᠶᠠᠨ ᠤ 2024 ᠣᠨ ᠤ ᠳᠡᠭᠡᠷ᠎ᠡ ᠬᠠᠭᠠᠰ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠳᠣᠭᠳᠠᠮᠠᠯ ᠬᠤᠷᠠᠯ ᠵᠢᠴᠢ ᠦᠶᠡᠷ ᠢ ᠰᠡᠷᠭᠡᠶᠢᠯᠡᠵᠦ ᠭᠠᠩ ᠬᠠᠭᠰᠠᠷᠭᠠᠨ ᠲᠠᠢ ᠲᠡᠮᠡᠴᠡᠬᠦ ᠠᠵᠢᠯ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠪᠠ᠃      ᠪᠠᠶᠠᠨ᠋ᠣ᠋ᠪᠣᠭ᠎ᠠ ᠰᠤᠮᠤ      6 ᠰᠠᠷ᠎ᠠ ᠶᠢᠨ 24 ᠤ ᠡᠳᠦᠷ᠂ ᠪᠠᠶᠠᠨ᠋ᠣ᠋ᠪᠣᠭ᠎ᠠ ᠰᠤᠮᠤ ᠨᠢ  ︽ᠬᠤᠪᠢᠰᠬᠠᠯ ᠤᠨ ᠳᠤᠷᠠᠰᠤᠮᠵᠢ ᠶᠢ ᠡᠷᠢᠯᠬᠢᠯᠡᠵᠦ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠬᠤ︾ ᠪᠠᠷ ᠭᠤᠣᠯ ᠰᠡᠳᠦᠪ ᠪᠣᠯᠭᠠᠵᠤ᠂ ︽ᠲᠤᠯᠤᠭᠠᠨ ᠰᠠᠷ᠎ᠠ ᠶᠢᠨ ᠨᠢᠭᠡᠨ︾ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠪᠥᠬᠦ ᠨᠠᠮ ᠤᠨ ᠬᠡᠰᠢᠭᠦᠳ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨ ᠰᠠᠨᠠᠭᠠᠯᠵᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ︽ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ ᠣᠷᠣᠭᠤᠯᠬᠤ︾᠂ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢ ᠪᠠᠶᠢᠭᠤᠯᠬᠤ︾ ᠵᠡᠷᠭᠡ ᠭᠤᠷᠪᠠᠨ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠭᠤᠯᠬᠤ ᠬᠦᠴᠦᠨ ᠪᠠ ᠲᠦᠪᠯᠡᠷᠡᠭᠦᠯᠬᠦ ᠬᠦᠴᠦᠨ ᠢ ᠬᠥᠭᠵᠢᠭᠡᠪᠡ᠃      ᠪᠠᠲᠤᠬᠠᠭᠠᠯᠭ᠎ᠠ ᠪᠠᠯᠭᠠᠰᠤᠨ ᠤ ᠱᠤᠸᠠᠩ ᠲᠠ ᠵᠡᠭᠡᠯᠢ ᠶᠢᠨ ᠨᠡᠶᠢᠭᠡᠮ ᠲᠣᠭᠤᠷᠢᠭᠣᠶᠢᠷ᠎ᠠ ᠳᠤ᠂ ᠪᠠᠲᠤᠬᠠᠭᠠᠯᠭ᠎ᠠ ᠪᠠᠯᠭᠠᠰᠤᠨ ᠤ ᠱᠤᠸᠠᠩ ᠲᠠ ᠵᠡᠭᠡᠯᠢ ᠶᠢᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠨᠢ ᠲᠠᠯ᠎ᠠ ᠨᠤᠲᠤᠭ ᠤᠨ ᠰᠣᠶᠣᠯ ᠤᠨ ᠣᠷᠳᠣᠨ ᠤ ᠡᠮᠦᠨ᠎ᠡ ︽ᠲᠤᠯᠤᠭᠠᠨ ᠰᠠᠷ᠎ᠠ ᠶᠢᠨ ᠨᠢᠭᠡᠨ ᠢ ᠪᠡᠯᠭᠡᠯᠡᠵᠦ ᠨᠠᠮ ᠤᠨ ᠠᠴᠢ ᠶᠢ ᠮᠠᠭᠲᠠᠨ ᠳᠠᠭᠤᠯᠠᠬᠤ︾ ᠵᠤᠨ ᠤ ᠤᠯᠠᠷᠢᠯ ᠤᠨ ᠦᠳᠡᠰᠢᠯᠡᠭᠡ ᠵᠢᠴᠢ 2024 ᠣᠨ ᠤ ︽ᠲᠣᠰᠬᠤᠨ ᠤ ᠦᠳᠡᠰᠢᠯᠡᠭᠡ︾ ᠶᠢᠨ ᠠᠵᠢᠯᠯᠠᠭ᠎ᠠ ᠶᠢ ᠡᠷᠬᠢᠯᠡᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠨᠠᠮ ᠤᠨ ᠠᠭᠤᠤ ᠶᠡᠭᠡ ᠠᠮᠵᠢᠯᠲᠠ ᠪᠦᠲᠦᠮᠵᠢ ᠶᠢ ᠮᠠᠭᠲᠠᠨ ᠳᠠᠭᠤᠯᠠᠪᠠ᠃ ᠦᠳᠡᠰᠢᠯᠡᠭᠡ ᠨᠢ ᠬᠤᠰᠢᠭᠤᠨ ᠤ ᠤᠯᠠᠭᠠᠨᠮᠥ᠋ᠴᠢᠷ ᠤᠨ ᠲᠣᠭᠯᠠᠭᠴᠢᠳ ᠤᠨ ᠬᠠᠮᠲᠤ ᠶᠢᠨ ᠪᠥᠵᠢᠭ ︽ᠮᠣᠷᠢᠨ ᠨᠢᠷᠤᠭᠤᠨ ᠳᠡᠭᠡᠷᠡᠬᠢ ᠥᠯᠥᠭᠡᠢ︾ ᠪᠠᠷ ᠬᠥᠰᠢᠭᠡ ᠪᠠᠨ ᠰᠡᠬᠦᠵᠦ᠂ ᠪᠠᠳᠠᠭ ᠪᠠᠳᠠᠭ ᠬᠤᠪᠢᠰᠬᠠᠯ ᠤᠨ ᠳᠠᠭᠤᠤ ᠨᠢ ᠣᠯᠠᠨ ᠢ ᠳᠠᠭᠠᠭᠤᠯᠤᠨ᠂ ᠬᠤᠪᠢᠰᠬᠠᠯ ᠤᠨ ᠦᠶ᠎ᠡ ᠶᠢᠨ ᠣᠷᠭᠢᠯᠤᠮ᠎ᠠ ᠬᠠᠯᠠᠭᠤᠨ ᠤᠨ ᠰᠠᠷ᠎ᠠ ᠶᠢ ᠳᠠᠬᠢᠨ ᠡᠷᠭᠢᠴᠡᠭᠦᠯᠵᠦ᠂  ᠪᠥᠵᠢᠭ ᠪᠥᠷᠢ ᠨᠢ ᠨᠠᠮ ᠳᠠᠭᠠᠨ ᠦᠨᠡᠨᠴᠢ ᠰᠢᠳᠤᠷᠭᠤ  ᠬᠠᠶᠢᠷ᠎ᠠ ᠰᠡᠳᠬᠢᠯᠭᠡ ᠪᠠᠨ ᠢᠯᠡᠳᠬᠡᠪᠡ᠃      ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ      ᠣᠶᠢᠷ᠎ᠠ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠨᠠᠮ ᠤᠨ ᠶᠡᠷᠦᠩᠬᠡᠶ ᠡᠭᠦᠷ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ︽ᠡᠭᠦᠷᠢᠳᠡ ᠨᠠᠮ ᠢᠶᠠᠨ ᠳᠠᠭᠠᠵᠤ ᠢᠳᠡᠷᠡᠭᠦᠨ  ᠠᠯᠬᠤᠨ᠎ᠠ︾ ᠬᠡᠰᠡᠨ ᠰᠡᠳᠥᠪᠳᠥ ︽ᠲᠤᠯᠤᠭᠠᠨ ᠰᠠᠷ᠎ᠠ ᠶᠢᠨ ᠨᠢᠭᠡᠨ︾ ᠢ ᠤᠭᠲᠤᠬᠤ ᠢᠳᠡᠷᠡᠭᠦᠨ ᠠᠯᠬᠤᠭ᠎ᠠ ᠶᠢᠨ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠨᠠᠮ ᠤᠨ ᠭᠡᠰᠢᠭᠦᠨ ᠺᠠᠳ᠋ᠷ ᠠᠵᠢᠯᠲᠠᠨ ᠤ ᠢᠳᠡᠪᠬᠢᠲᠡᠶ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠪᠥᠬᠦ ᠠᠷᠠᠳ ᠤᠨ ᠪᠡᠶ᠎ᠡ ᠪᠠᠨ ᠴᠢᠭᠢᠷᠠᠭᠵᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠨᠠᠮ ᠤᠨ ᠠᠴᠢ ᠳᠤ ᠳᠠᠯᠠᠷᠬᠠᠵᠤ᠂ ᠨᠠᠮ ᠤᠨ ᠦᠭᠡ ᠶᠢ ᠰᠣᠨᠤᠰᠴᠤ᠂ ᠨᠠᠮ ᠢᠶᠠᠨ ᠳᠠᠭᠠᠬᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃      ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳᠤᠭ᠎ᠠ ᠪᠠᠷᠢᠮᠳᠠ ᠶᠢᠨ ᠬᠠᠮᠢᠶᠠᠷᠤᠯᠲᠠ ᠶᠢᠨ ᠲᠣᠪᠴᠢᠶ᠎ᠠ      6 ᠰᠠᠷ᠎ᠠ ᠶᠢᠨ 28 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠡᠭᠦᠷ ︽ᠤᠭ ᠰᠠᠨᠠᠭ᠎ᠠ ᠪᠠᠨ ᠦᠯᠦ ᠮᠠᠷᠳᠠᠨ ᠨᠠᠮ ᠢᠶᠠᠨ ᠳᠠᠭᠠᠵᠤ᠂ ᠡᠷᠡᠮᠡᠬᠡᠶᠢᠯᠡᠨ ᠳᠠᠪᠰᠢᠵᠥ᠂ ᠲᠤᠯᠤᠭᠠᠨ ᠰᠠᠷ᠎ᠠ ᠶᠢᠨ ᠨᠢᠭᠡᠨ  ᠢᠶᠠᠨ ᠪᠠᠶᠠᠷᠯᠠᠨ ᠤᠭᠲᠤᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠭᠤᠯᠬᠤ  ᠬᠦᠴᠦᠨ ᠪᠣᠯᠤᠨ ᠪᠠᠶᠢᠯᠳᠣᠬᠤ ᠬᠦᠴᠦᠨ ᠢ ᠳᠡᠭᠡᠭᠰᠢᠯᠡᠭᠦᠯᠵᠦ᠂ ᠨᠠᠮ ᠤᠨ ᠭᠡᠰᠢᠭᠦᠳ ᠤᠨ ᠰᠢᠨ᠎ᠡ ᠠᠶᠠᠨ ᠵᠠᠮ ᠳᠠᠭᠠᠨ ᠦᠷᠭᠦᠯᠵᠢᠯᠡᠨ ᠡᠷᠡᠮᠡᠬᠡᠶᠢᠯᠡᠨ ᠤᠷᠤᠭᠰᠢᠯᠠᠬᠤ ᠶᠢ ᠵᠣᠷᠢᠭᠵᠢᠭᠤᠯᠪᠠ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠠᠩᠰᠠ ᠡᠪᠬᠡᠮᠡᠯ ᠤᠨ ᠣᠷᠳᠣᠨ      6 ᠰᠠᠷ᠎ᠠ ᠶᠢᠨ 28 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠩᠰᠠ ᠡᠪᠬᠡᠮᠡᠯ ᠤᠨ ᠣᠷᠳᠣᠨ ᠪᠠᠲᠤᠬᠠᠭᠠᠯᠭ᠎ᠠ ᠪᠠᠯᠭᠠᠰᠤᠨ ᠤ ᠱᠦᠢ ᠲᠠ ᠵᠡᠭᠡᠯᠢ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠪᠦᠷᠢᠯᠳᠦᠬᠦᠨ ᠨᠢᠭᠡᠴᠡ ᠲᠠᠢ ᠬᠠᠮᠲᠤᠷᠠᠨ᠂ ︽ᠤᠭ ᠰᠠᠨᠠᠭ᠎ᠠ ᠪᠠᠨ ᠰᠠᠬᠢᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠂ ᠠᠶᠠᠨ ᠵᠠᠮ ᠢᠶᠠᠨ ᠡᠷᠬᠢᠴᠡᠭᠦᠯᠥᠨ ᠨᠠᠮ ᠤᠨ ᠠᠴᠢ ᠶᠢ ᠮᠠᠭᠲᠠᠨ ᠳᠠᠭᠤᠯᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠬᠠᠮᠲᠤ ᠪᠠᠷ ᠥᠷᠨᠢᠭᠦᠯᠪᠡ᠃ ᠨᠠᠮ ᠤᠨ ᠭᠡᠷᠡᠯ ᠰᠠᠴᠤᠷᠠᠩᠭᠤᠢ ᠲᠡᠦᠬᠡ ᠶᠢ ᠡᠷᠭᠢᠴᠡᠭᠦᠯᠬᠦ ᠪᠠᠷ ᠳᠠᠮᠵᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠲᠤ ᠨᠠᠮ ᠤᠨ ᠠᠭᠤᠤ ᠭᠠᠪᠢᠶ᠎ᠠ ᠠᠤᠭ᠎ᠠ ᠵᠢᠳᠬᠦᠯ ᠢ ᠤᠯᠠᠮ ᠴᠢᠨᠠᠭᠰᠢᠳᠠ ᠮᠡᠳᠡᠷᠡᠭᠦᠯᠵᠦ᠂ ᠨᠠᠮ ᠤᠨ ᠭᠡᠷᠡᠯ ᠰᠠᠴᠤᠷᠠᠩᠭᠤᠢ ᠲᠡᠦᠬᠡ ᠶᠢ ᠪᠠᠲᠤ ᠴᠡᠭᠡᠵᠢᠯᠡᠵᠦ᠂ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠪᠡ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号