ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶ᠎ᠠ ᠪᠥᠬᠦ ᠬᠤᠰᠢᠭᠤᠨ ᠤ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/6/29
       6 ᠰᠠᠷ᠎ᠠ ᠶᠢᠨ 27 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶ᠎ᠠ ᠪᠥᠬᠦ ᠬᠤᠰᠢᠭᠤᠨ ᠤ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠶᠠᠪᠤᠭᠳᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠢ ᠡᠷᠬᠢᠯᠡᠨ ᠶᠠᠷᠢᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠳ᠋ᠤᠸᠠᠨ ᠸᠧᠨ ᠶᠤᠸᠠᠨ ᠪᠥᠬᠦ ᠬᠤᠰᠢᠭᠤᠨ ᠤ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠ ᠰᠠᠬᠢᠯᠭ᠎ᠠ ᠪᠠᠲᠤ ᠶᠢ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠬᠤᠷᠠᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠵᠤ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠢᠷᠢᠰ ᠯᠠᠪᠯᠠᠯᠲᠠ ᠶᠢᠨ ᠹᠢᠯᠢᠮ ︽ᠬᠡᠭᠡᠯᠢ ᠢᠳᠡᠵᠦ ᠬᠠᠭ᠋ᠤᠤᠯᠢ ᠲᠦᠯᠬᠢᠬᠦ ᠶᠢ ᠬᠠᠮᠲᠤ ᠪᠠᠷ ᠪᠠᠶᠢᠴᠠᠭᠠᠬᠤ ᠶᠢ ᠪᠠᠷᠢᠮᠳᠠᠯᠠᠬᠤ ᠬᠡᠷᠡᠭᠳᠡᠢ ︾ ᠶᠢ ᠲᠥᠪᠯᠡᠷᠡᠭᠦᠯᠦᠨ ᠦᠵᠡᠭᠦᠯᠪᠡ᠃ ᠳᠠᠷᠠᠭ᠎ᠠ ᠨᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ︽ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠶ᠎ᠠ︾ ᠭᠡᠬᠦ ᠰᠡᠳᠦᠪ ᠢᠶᠠᠷ ᠣᠯᠠᠨ ᠳᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃      ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ︽ᠨᠠᠢᠮᠠᠨ ᠭᠦᠨᠵᠡᠭᠡᠢ ᠣᠶᠢᠯᠭᠠᠬᠤ᠂ ᠨᠠᠢᠮᠠᠨ ᠣᠨᠣᠪᠴᠢᠲᠠᠢ ᠡᠵᠡᠮᠰᠢᠬᠦ︾ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠠᠬᠢᠯᠭ᠎ᠠ ᠪᠠᠲᠤ ᠶᠣᠰᠣ ᠲᠦᠷᠢᠮ ᠢ ᠦᠨᠡᠨᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠬᠤ ᠬᠡᠷᠡᠭᠲᠡᠢ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠦᠨᠳᠦᠰᠦᠨ ᠠᠭᠤᠯᠭ᠎ᠠ ᠪᠠ ᠲᠣᠭᠲᠠᠭᠠᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠡᠵᠡᠮᠰᠢᠵᠦ᠂ ︽ᠵᠢᠷᠭᠤᠭᠠᠨ  ᠵᠦᠢᠯ ᠤᠨ ᠰᠠᠬᠢᠯᠭ᠎ᠠ ᠪᠠᠲᠤ ᠶᠢᠨ ᠭᠤᠤᠯ ᠵᠣᠷᠢᠯᠲᠠ ᠴᠢᠬᠤᠯᠠ ᠠᠭᠤᠯᠭ᠎ᠠ ᠶᠢ ᠣᠨᠣᠪᠴᠢᠲᠠᠶ ᠡᠵᠡᠮᠰᠢᠵᠦ᠂ ᠰᠤᠷᠤᠯᠴᠠᠯᠭ᠎ᠠ ᠶᠢ ᠡᠳᠦᠷ ᠲᠤᠲᠤᠮ ᠤᠨ ᠠᠵᠢᠯ ᠳᠠᠭᠠᠨ ᠠᠭᠤᠰᠬᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠪᠠᠶᠢᠩᠭᠤᠵᠢᠭᠰᠠᠨ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠲᠤᠯᠢ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠢ ᠰᠡᠷᠡᠮᠵᠢᠯᠡᠭᠦᠯᠵᠦ᠂ ᠬᠤᠷᠢᠭ᠎ᠠ ᠱᠤᠭᠤᠮ ᠢ ᠲᠣᠳᠣᠷᠬᠠᠶᠢᠯᠠᠵᠤ᠂ ᠪᠢᠰᠢᠷᠡᠨ ᠵᠢᠷᠦᠬᠡᠰᠢᠶᠡᠬᠦ ᠶᠢ ᠣᠶᠢᠯᠠᠭᠠᠭᠤᠯᠵᠤ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠵᠢᠯ ᠢᠶᠠᠨ ᠠᠬᠢᠭᠤᠯᠬᠤ ᠪᠠᠷᠠᠭᠳᠠᠰᠢ ᠦᠭᠡᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠬᠴᠠᠵᠢᠭᠤᠯᠤᠨ ᠠᠬᠢᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠪᠠᠷᠢᠮᠲᠠᠯᠠᠵᠤ᠂ ᠠᠷᠠᠳ ᠤᠯᠠᠨ ᠳᠤ ᠦᠨᠡᠨ ᠬᠤᠪᠢᠷᠠᠯᠲᠠ ᠶᠢ ᠦᠵᠡᠭᠦᠯᠵᠦ᠂ ᠦᠨᠡᠨ ᠦᠷ᠎ᠡ ᠪᠦᠲᠦᠮᠵᠢ ᠶᠢ ᠮᠡᠳᠡᠷᠡᠵᠥ᠂ ᠦᠨᠡᠨ ᠪᠣᠳᠠᠲᠠᠢ ᠠᠰᠢᠭ ᠢ ᠬᠦᠷᠲᠡᠭᠡᠬᠦ ᠬᠡᠷᠡᠭᠲᠡᠢ᠃      ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠢᠶᠠᠷ ᠲᠣᠭᠤᠷᠢᠨ ᠦᠵᠡᠵᠦ᠂ ᠲᠠᠶᠢᠯᠪᠤᠷᠢᠯᠠᠭᠴᠢ ᠶᠢᠨ ᠬᠥᠲᠥᠯᠥᠨ ᠵᠢᠯᠣᠭᠤᠳᠬᠤ ᠪᠠ ᠲᠠᠶᠢᠯᠪᠤᠷᠢᠯᠠᠬᠤ ᠪᠠᠷ ᠳᠠᠮᠵᠢᠭᠤᠯᠤᠨ᠂ ᠪᠣᠳᠠᠲᠤ ᠵᠢᠱᠢᠶ᠎ᠡ ᠶᠢᠨ ᠮᠠᠲ᠋ᠧᠷᠢᠶᠠᠯ ᠰᠣᠷᠣᠯᠴᠠᠬᠤ᠂ ᠹᠢᠯᠢᠮ ᠦᠵᠡᠬᠦ ᠵᠡᠷᠭᠡ ᠬᠡᠯᠪᠡᠷᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠯᠵᠠᠷᠠᠯ ᠢ ᠡᠰᠡᠷᠭᠦᠴᠡᠬᠦ ᠠᠵᠢᠯ ᠤᠨ ᠶᠠᠪᠤᠴᠠ᠂ ᠵᠥᠪ ᠲᠠᠯ᠎ᠠ ᠶᠢᠨ ᠲᠡᠷᠢᠭᠦᠨ ᠤ ᠬᠥᠮᠦᠰ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠤᠬᠠᠶ ᠭᠦᠨᠵᠡᠭᠡᠶ ᠲᠠᠨᠢᠵᠤ ᠤᠶᠢᠯᠠᠭᠠᠯᠲᠠ ᠲᠠᠢ ᠪᠣᠯᠵᠠᠶ᠃ ᠳᠠᠷᠠᠭ᠎ᠠ ᠳᠤᠨᠢ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠬᠤᠪᠢᠰᠬᠠᠯ ᠤᠨ ᠭᠤᠣᠯ ᠰᠡᠳᠦᠪᠲᠦ ᠴᠡᠴᠡᠷᠯᠢᠭ ᠤᠨ ᠲᠠᠩᠭᠠᠷᠢᠭᠯᠠᠬᠤ ᠬᠡᠷᠡᠮ ᠤᠨ ᠡᠮᠦᠨ᠎ᠡ ᠲᠥᠪ ᠴᠢᠩᠭ᠎ᠠ ᠪᠠᠷ ᠲᠠᠩᠭᠠᠷᠢᠭᠯᠠᠪᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号