6 ᠰᠠᠷ᠎ᠠ ᠶᠢᠨ 28 ᠤ ᠡᠳᠦᠷ ᠪᠣᠯᠲᠠᠯ᠎ᠠ᠂ ᠮᠠᠨᠳᠤᠯ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ 400 ᠲᠦᠮᠡᠨ ᠲᠣᠨ ᠢ ᠳᠠᠪᠠᠵᠤ᠂ ᠪᠠᠷᠠᠭ᠎ᠠ ᠥᠩᠭᠡᠷᠡᠬᠦ ᠬᠡᠮᠵᠢᠶ᠎ᠡ ᠶᠢ ᠪᠥᠬᠦ ᠨᠡᠶᠢᠲᠡ | 400.36 ᠲᠦᠮᠡᠨ ᠲᠣᠨ ᠪᠡᠶᠡᠯᠡᠭᠦᠯᠵᠥ᠂ ᠠᠳᠠᠯᠢ ᠬᠤᠭᠤᠴᠠᠭᠠᠨ ᠤ ᠠᠴᠠ 66.3% ᠪᠠᠷ ᠨᠡᠮᠡᠭᠳᠡᠵᠦ᠂ | ᠲᠡᠦᠬᠡ ᠶᠢᠨ ᠬᠠᠮᠤᠭ ᠤᠨ ᠥᠨᠳᠥᠷ ᠲᠡᠮᠳᠡᠭᠯᠡᠯ ᠢ ᠰᠢᠨᠡᠳᠬᠡᠵᠦ᠂ ᠳᠣᠭᠳᠠᠭᠰᠠᠨ ᠴᠠᠭ ᠤᠨ ᠡᠭᠦᠷᠭᠡ ᠪᠠᠨ | ᠤᠷᠢᠳᠴᠢᠯᠠᠨ ᠪᠡᠶᠡᠯᠡᠭᠦᠯᠪᠡ᠃ | ᠡᠨᠡ ᠵᠢᠯ ᠠᠴᠠ ᠨᠠᠰᠢ᠂ ᠮᠠᠨᠳᠤᠯ ᠪᠣᠭᠤᠮᠲᠠ ︽ᠰᠤᠷᠲᠠᠯ ᠢᠶᠠᠨ ᠬᠤᠪᠢᠷᠠᠭᠤᠯᠤᠨ᠂ ᠦᠷ᠎ᠡ ᠪᠦᠲᠦᠮᠵᠢ ᠪᠠᠨ | ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠭᠦ ᠣᠷᠴᠢᠨ ᠨᠥᠭᠦᠴᠡᠯ ᠢ ᠰᠢᠯᠢᠳᠡᠭᠵᠢᠭᠦᠯᠬᠦ︾ ᠭᠤᠤᠯ ᠰᠡᠳᠦᠪ ᠢ | ᠪᠠᠷᠢᠮᠲᠠᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠪᠣᠭᠤᠮᠲᠠ ᠶᠢᠨ | ᠬᠠᠮᠢᠶᠠᠷᠤᠯᠲᠠ ᠪᠠ ᠦᠢᠯᠡᠴᠢᠯᠡᠭᠡᠨ ᠤ ᠲᠣᠭᠲᠠᠴᠠ ᠪᠠᠨ ᠰᠢᠯᠢᠳᠡᠭᠵᠢᠭᠦᠯᠵᠦ᠂ ᠪᠠᠷᠠᠭ᠎ᠠ ᠥᠩᠭᠡᠷᠡᠬᠦ ᠬᠡᠮᠵᠢᠶ᠎ᠡ | ᠢᠯᠡᠳᠲᠡ ᠳᠡᠭᠡᠭᠰᠢᠯᠡᠬᠦ ᠳᠤ ᠬᠦᠴᠦᠲᠡᠶ ᠪᠠᠲᠤᠯᠠᠭ᠎ᠠ ᠬᠠᠩᠭᠠᠪᠠ᠃ | ᠣᠯᠠᠨ ᠠᠷᠭ᠎ᠠ ᠵᠠᠮ ᠢᠶᠠᠷ ᠪᠠᠷᠠᠭ᠎ᠠ ᠶᠢᠨ ᠢᠷᠡᠯᠲᠡ ᠶᠢ ᠨᠡᠮᠡᠭᠳᠡᠭᠦᠯᠵᠥ᠂ ᠪᠣᠭᠤᠮᠲᠠ ᠪᠠᠷ ᠥᠩᠭᠡᠷᠡᠬᠦ ᠶᠢ ᠪᠥᠬᠦ | ᠬᠦᠴᠦᠨ ᠢᠶᠠᠷ ᠢᠶᠠᠨ ᠠᠬᠢᠭᠤᠯᠤᠨ᠎ᠠ᠃ ᠳᠤᠮᠳᠠᠳᠤ ᠮᠣᠩᠭᠤᠯ ᠤᠨ ᠮᠠᠨᠳᠤᠯ - ᠬᠠᠩᠵᠢ ᠬᠢᠯᠢ ᠶᠢᠨ ᠪᠣᠭᠤᠮᠲᠠ ᠶᠢᠨ | ᠨᠡᠶᠢᠭᠡᠮ ᠠᠵᠤ ᠠᠬᠤᠶ ᠶᠢᠨ ᠬᠥᠭᠵᠢᠯᠲᠡ᠂ ᠭᠠᠳᠠᠭᠠᠳᠤ ᠰᠣᠯᠢᠯᠴᠠᠭᠠᠨ ᠤ ᠠᠵᠢᠯ᠂ ᠪᠠᠷᠠᠭᠠᠨ ᠤ ᠲᠡᠭᠡᠭᠡᠪᠦᠷᠢ ᠶᠢᠨ | ᠬᠡᠮᠵᠢᠶ᠎ᠡ ᠶᠢ ᠨᠡᠮᠡᠭᠳᠡᠭᠦᠯᠬᠦ᠂ ᠬᠢᠯᠢ ᠶᠢᠨ ᠵᠢᠭᠤᠯᠴᠢᠯᠠᠯ ᠢ ᠬᠥᠭᠵᠢᠭᠦᠯᠬᠦ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤ - ᠮᠣᠩᠭᠤᠯ ᠤᠯᠤᠰ ᠤᠨ ᠵᠡᠭᠦᠨ ᠭᠤᠪᠢ ᠶᠢᠨ ᠣᠯᠠᠨ ᠤᠯᠤᠰ ᠤᠨ ᠠᠶᠠᠨᠴᠢᠳ ᠤᠨ ᠲᠡᠭᠡᠭᠡᠪᠦᠷᠢ ᠶᠢᠨ ᠵᠠᠮ | ᠱᠤᠭᠤᠮ ᠢ ᠴᠢᠩᠭᠠᠳᠬᠠᠬᠤ ᠵᠡᠷᠭᠡ ᠲᠠᠯ᠎ᠠ ᠪᠠᠷ ᠮᠣᠩᠭᠤᠯ ᠤᠯᠤᠰ ᠤᠨ ᠵᠡᠭᠦᠨ ᠭᠤᠪᠢ ᠶᠢᠨ ᠪᠣᠭᠤᠮᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ︽ᠮᠠᠨᠳᠤᠯ ᠪᠣᠭᠤᠮᠲᠠ+ ᠬᠠᠮᠲᠤᠷᠠᠨ | ᠪᠠᠶᠢᠴᠠᠭᠠᠬᠤ ᠰᠠᠯᠠᠭ᠎ᠠ ᠮᠥᠴᠢᠷ +ᠠᠵᠤ ᠠᠬᠤᠶᠢᠯᠠᠯ︾ ᠤᠨ ᠪᠠᠶᠢᠩᠭᠤᠵᠢᠭᠰᠠᠨ ᠶᠠᠷᠢᠯᠴᠠᠬᠤ ᠬᠤᠷᠠᠯ ᠤᠨ | ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠠᠵᠤ ᠠᠬᠤᠶᠢᠯᠠᠯ ᠳᠤ ᠦᠢᠯᠡᠴᠢᠯᠡᠬᠦ ᠶᠢ ᠰᠢᠯᠢᠳᠡᠭᠵᠢᠭᠦᠯᠦᠨ᠎ᠡ᠃ | ᠪᠣᠭᠤᠮᠲᠠ ᠶᠢᠨ ᠪᠠᠷᠠᠭᠠᠨ ᠤ ᠭᠦᠢᠯᠭᠡᠭᠡ ᠶᠢᠨ ᠳᠠᠪᠠᠭᠤᠯᠢᠭ ᠢ ᠪᠠᠳᠠᠷᠠᠭᠤᠯᠤᠨ᠂ ᠭᠠᠳᠠᠭᠠᠳᠤ ᠠᠷᠠᠯᠵᠢᠶ᠎ᠠ ᠶᠢᠨ | ᠨᠥᠯᠥᠭᠡᠯᠡᠨ ᠬᠥᠭᠵᠢᠭᠦᠯᠬᠦ ᠴᠢᠳᠠᠪᠤᠷᠢ ᠶᠢ ᠲᠠᠰᠤᠷᠠᠯᠲᠠ ᠤᠢᠭᠡᠢ ᠨᠡᠮᠡᠭᠳᠡᠭᠦᠯᠦᠨ᠎ᠡ᠃ ᠮᠠᠨᠳᠤᠯ ᠪᠣᠭᠤᠮᠲᠠ ᠶᠢᠨ ᠣᠯᠠᠨ | ᠤᠯᠤᠰ ᠤᠨ ᠵᠠᠰᠠᠮᠠᠯ ᠵᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ | ᠲᠣᠭᠤᠷᠢᠭ ᠤᠨ ᠲᠥᠷᠥᠯ ᠵᠦᠢᠯ ᠤᠨ ᠪᠠᠶᠢᠭᠤᠯᠤᠯᠲᠠ ᠶᠢ ᠠᠬᠢᠭᠤᠯᠵᠤ᠂ ᠲᠡᠷᠭᠡᠨ ᠠᠩᠭᠢ ᠳᠤ ᠲᠡᠷᠭᠡ ᠵᠣᠭᠰᠣᠭᠠᠵᠤ | ᠬᠤᠨᠣᠬᠤ᠂ ᠮᠠᠰᠢᠨ ᠰᠡᠯᠪᠢᠨ ᠵᠠᠰᠠᠬᠤ᠂ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡ ᠵᠡᠷᠭᠡ ᠢᠵᠢ | ᠪᠥᠷᠢᠳᠥᠭᠦᠯᠥᠭᠰᠡᠨ ᠦᠢᠯᠡᠴᠢᠯᠡᠭᠡᠨ ᠤ ᠴᠢᠳᠠᠮᠵᠢ ᠶᠢ ᠬᠠᠩᠭᠠᠪᠠ︔ H986 ᠲᠣᠮᠣ ᠬᠡᠯᠪᠡᠷᠢ ᠶᠢᠨ ᠴᠢᠩᠭᠡᠯᠢᠭ ᠮᠠᠰᠢᠨ | ᠪᠠᠶᠢᠴᠠᠭᠠᠬᠤ ᠵᠠᠮ ᠵᠢᠴᠢ ᠣᠨᠴᠠᠭᠠᠢ ᠪᠠᠶᠢᠴᠠᠭᠠᠨ ᠰᠢᠯᠭᠠᠬᠤ ᠵᠠᠮ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ | ᠪᠠᠷᠠᠭ᠎ᠠ ᠶᠢ ᠪᠠᠶᠢᠴᠠᠭᠠᠨ ᠰᠢᠯᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠣᠭᠤᠮᠲᠠ ᠪᠠᠷ ᠥᠩᠭᠡᠷᠡᠬᠦ ᠴᠠᠭ ᠢ | ᠪᠣᠭᠤᠨᠢᠰᠬᠠᠪᠠ᠃ 6 ᠰᠠᠷ᠎ᠠ ᠶᠢᠨ 25 ᠤ ᠡᠳᠦᠷ ᠪᠣᠯᠲᠠᠯ᠎ᠠ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠲᠤᠭ᠎ᠠ 40 ᠳ᠋ᠦᠩᠰᠢᠭᠤᠷ ᠲᠥᠭᠦᠷᠢᠭ ᠢ | ᠳᠠᠪᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠠᠴᠠ 38% ᠪᠠᠷ ᠨᠡᠮᠡᠭᠳᠡᠨ᠂ ᠲᠡᠤᠬᠡ ᠶᠢᠨ ᠠᠳᠠᠯᠢ | ᠬᠤᠭᠤᠴᠠᠭᠠᠨ ᠤ ᠰᠢᠨ᠎ᠡ ᠲᠡᠮᠳᠡᠭᠯᠡᠯ ᠢ ᠡᠭᠦᠳᠪᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠬᠥᠮᠥᠷᠭᠡᠯᠡᠨ ᠬᠠᠳᠠᠭᠠᠯᠠᠬᠤ | ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠦᠨ᠎ᠡ᠃ ᠤᠯᠤᠰ ᠤᠨ ᠬᠠᠳᠠᠭᠠᠯᠠᠮᠵᠢ ᠶᠢᠨ ᠲᠡᠮᠦᠷ ᠵᠠᠮ ᠤᠨ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ | ᠠᠰᠢᠭᠯᠠᠯᠲᠠ ᠳᠤ ᠣᠷᠣᠪᠠ︔ ᠤᠶᠤᠨᠲᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ︵ᠨᠢᠭᠡᠳᠦᠭᠡᠷ | ᠬᠤᠭᠤᠴᠠᠭ᠎ᠠ︶ ᠤᠨ ᠲᠥᠷᠥᠯ ᠵᠦᠢᠯ 6 ᠰᠠᠷ᠎ᠠ ᠳᠠᠷᠠᠭᠠᠯᠠᠨ ᠪᠣᠭᠤᠮᠲᠠ ᠶᠢ ᠪᠢᠲᠡᠭᠦᠮᠵᠢᠯᠡᠨ ᠡᠵᠡᠩᠨᠡᠬᠦ ᠶᠢ ᠪᠡᠶᠡᠯᠡᠭᠦᠯᠵᠦ | ᠂ ᠪᠣᠭᠤᠮᠲᠠ ᠨᠡᠭᠡᠭᠡᠭᠰᠡᠨ ᠨᠠᠭᠠᠰᠢᠬᠢ ᠵᠥᠪᠬᠡᠨ ᠨᠢᠭᠡ ᠬᠢᠨᠠᠨ ᠬᠠᠮᠢᠶᠠᠷᠬᠤ ᠲᠠᠯᠠᠪᠤᠷ ᠲᠠᠢ ᠪᠠᠶᠢᠳᠠᠭ ᠲᠡᠤᠬᠡ ᠶᠢ | ᠡᠴᠦᠰᠯᠡᠭᠦᠯᠪᠡ︔ 6 ᠰᠠᠷ᠎ᠠ ᠶᠢᠨ 17 ᠤ ᠡᠳᠦᠷ᠂ ᠮᠠᠨᠳᠤᠯ ᠪᠣᠭᠤᠮᠲᠠ ᠶᠢᠨ ᠨᠢᠭᠡ ᠡᠳᠦᠷ ᠤᠨ ᠪᠠᠷᠠᠭ᠎ᠠ ᠥᠩᠭᠡᠷᠡᠬᠦ | ᠬᠡᠮᠵᠢᠶ᠎ᠡ 50718.83 ᠲᠣᠨ ᠬᠦᠷᠴᠦ᠂ ᠠᠩᠬ᠎ᠠ ᠤᠳᠠᠭ᠎ᠠ 5 ᠲᠦᠮᠡᠨ ᠲᠣᠨ ᠪᠣᠭᠤᠮᠲᠠ ᠶᠢ ᠳᠠᠪᠠᠵᠤ᠂ | ᠪᠣᠭᠤᠮᠲᠠ ᠨᠡᠭᠡᠭᠡᠭᠰᠡᠨ ᠨᠠᠭᠠᠰᠢᠬᠢ ᠨᠢᠭᠡ ᠡᠳᠦᠷ ᠤᠨ ᠪᠠᠷᠠᠭ᠎ᠠ ᠥᠩᠭᠡᠷᠡᠬᠦ ᠬᠡᠮᠵᠢᠶᠡᠨ ᠤ ᠰᠢᠨ᠎ᠡ ᠲᠡᠮᠳᠡᠭᠯᠡᠯ ᠢ | ᠡᠭᠦᠳᠪᠡ᠃ | ᠳᠣᠤᠷ᠎ᠠ ᠬᠠᠭᠠᠰ ᠵᠢᠯ ᠳᠤ᠂ ᠮᠠᠨᠳᠤᠯ ᠪᠣᠭᠤᠮᠲᠠ ᠪᠣᠭᠤᠮᠲᠠ ᠶᠢᠨ ᠨᠡᠪᠲᠡᠷᠡᠬᠦ ᠵᠠᠮ᠂ ᠬᠤᠯᠪᠤᠭᠠᠰᠤ᠂ ᠲᠠᠪᠴᠠᠩ | ᠂ ᠴᠣᠩᠬᠤ ᠵᠡᠷᠭᠡ ᠳᠥᠷᠪᠡᠨ ᠶᠡᠭᠡ ᠴᠢᠳᠠᠮᠵᠢ ᠶᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠪᠣᠭᠤᠮᠲᠠ ᠪᠠᠷ | ᠥᠩᠭᠡᠷᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠣᠭᠤᠮᠲᠠ ᠶᠢᠨ ᠴᠢᠨᠠᠷ ᠰᠠᠶᠢᠲᠠᠶ | ᠬᠥᠭᠵᠢᠯᠲᠡ ᠶᠢᠨ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠵᠤ᠂ 1000 ᠲᠦᠮᠡᠨ ᠲᠣᠨ ᠤ ᠬᠠᠷᠠᠯᠲᠠ | ᠡᠭᠦᠷᠭᠡ ᠳᠤ ᠬᠥᠷᠭᠦ ᠪᠠᠷ ᠬᠦᠴᠦᠯᠡᠨ ᠰᠢᠪᠲᠤᠯᠤᠯᠲᠠ ᠬᠢᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ | ᠴᠢᠬᠤᠯᠠ ᠪᠠᠬᠢᠯᠡᠯᠲᠡ ᠶᠢ ᠴᠣᠭᠴᠠᠯᠠᠬᠤ ᠳᠤ ᠮᠠᠨᠳᠤᠯ ᠪᠣᠭᠤᠮᠲᠠ ᠶᠢᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ | |