ᠠᠨᠾᠦ᠋ᠢ ᠶᠢᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠡᠮᠨᠡᠯᠭᠡ ᠶᠢᠨ | ᠬᠤᠷᠢᠶᠠᠨ ᠤ ᠮᠡᠳᠡᠭᠡ 5 ᠰᠠᠷ᠎ᠠ ᠶᠢᠨ 17 ᠤ ᠡᠳᠦᠷ᠂ ᠲᠣᠰ ᠡᠮᠨᠡᠯᠭᠡ ᠶᠢᠨ ᠬᠤᠷᠢᠶᠠᠨ ᠤ ᠫᠷᠤᠹᠧᠰᠰᠤᠷ ᠰᠦᠨ ᠪᠧᠶ | ᠴᠧᠩ ᠤᠨ ᠪᠦᠯᠬᠦᠮ ᠪᠣᠯᠤᠨ ᠶᠦᠨᠨᠠᠨ ᠤ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠸᠧᠶ ᠬᠤᠩ | ᠵᠢᠶᠠᠩ ᠤᠨ ᠪᠦᠯᠬᠦᠮ ᠬᠠᠮᠲᠤᠷᠠᠨ ᠠᠵᠢᠯᠯᠠᠵᠤ᠂ ᠳᠡᠯᠡᠬᠡᠶ ᠶᠢᠨ ᠠᠩᠬᠠᠳᠠᠭᠴᠢ ᠠᠮᠢᠳᠤ ᠬᠥᠮᠦᠨ ᠳᠤ ᠤᠨᠳᠤᠤ | ᠲᠥᠷᠥᠯ ᠤᠨ ᠡᠯᠢᠭᠡ ᠰᠢᠯᠵᠢᠭᠦᠯᠬᠦ ᠮᠡᠰᠡ ᠵᠠᠰᠠᠯ ᠢ ᠠᠮᠵᠢᠯᠲᠠ ᠲᠠᠢ ᠪᠡᠶᠡᠯᠡᠭᠦᠯᠵᠦ᠂ ᠭᠧᠨ ᠢᠶᠠᠷ ᠨᠠᠶᠢᠷᠠᠭᠤᠯᠤᠭᠰᠠᠨ | ᠭᠠᠭ᠋ᠠᠶ ᠶᠢᠨ ᠡᠯᠢᠭᠡ ᠶᠢ 71 ᠨᠠᠰᠤᠲᠠᠶ ᠡᠯᠢᠭᠡᠨ ᠤ ᠥᠮᠡᠨ ᠤᠯᠤᠬᠰᠠᠨ ᠬᠦᠨᠳᠦ ᠡᠪᠡᠳᠴᠢᠲᠡᠨ ᠤ ᠪᠡᠶ᠎ᠡ ᠳᠡᠭᠡᠷ᠎ᠡ | ᠰᠢᠯᠵᠢᠭᠦᠯᠦᠨ ᠰᠠᠭᠤᠯᠭᠠᠭᠰᠠᠨ ᠪᠠᠶᠢᠨ᠎ᠠ᠃ ᠣᠳᠣᠬᠠᠨ ᠳᠤ᠂ ᠡᠪᠡᠳᠴᠢᠲᠡᠨ ᠨᠢᠭᠡᠨᠲᠡ ᠭᠠᠵᠠᠷ ᠪᠠᠭᠤᠵᠤ ᠴᠢᠯᠥᠭᠡᠲᠦ | ᠬᠥᠳᠡᠯᠭᠡᠭᠡᠨ ᠬᠢᠵᠦ ᠴᠢᠳᠠᠬᠤ ᠪᠤᠯᠤᠬᠰᠠᠨ ᠪᠦᠭᠡᠳ ᠡᠯᠢᠭᠡᠨ ᠤ ᠠᠵᠢᠯᠯᠠᠭ᠎ᠠ ᠵᠡᠷᠭᠡ ᠣᠯᠠᠨ ᠵᠦᠯ ᠤᠨ ᠬᠦᠢᠴᠡᠳᠭᠡᠯ | ᠲᠤᠭ᠎ᠠ ᠶᠢᠨ ᠬᠡᠪ ᠤᠨ ᠪᠠᠶᠢᠳᠠᠯ ᠨᠢ ᠰᠡᠷᠭᠦᠭᠡᠵᠦ ᠪᠠᠶᠢᠨ᠎ᠠ᠃ ᠲᠣᠰ ᠤᠳᠠᠭᠠᠨ ᠤ 10 ᠭᠧᠨ ᠵᠶᠠᠷ ᠨᠠᠶᠢᠷᠠᠭᠤᠯᠤᠭᠰᠠᠨ | ᠭᠠᠭ᠋ᠠᠶ ᠶᠢᠨ ᠡᠯᠢᠭᠡ ᠲᠤᠬᠠᠶᠢᠯᠠᠪᠠᠯ ᠤᠨᠳᠤᠤ ᠲᠥᠷᠥᠯ ᠤᠨ ᠡᠯᠢᠭᠡ ᠶᠢ ᠡᠪᠡᠳᠴᠢᠲᠡᠨ ᠳᠤ ᠰᠢᠯᠵᠢᠭᠦᠯᠦᠨ | ᠰᠠᠭᠤᠯᠭᠠᠬᠤ ᠳᠤ᠂ ᠡᠯᠢᠭᠡᠨ ᠤ ᠪᠠᠷᠠᠭᠤᠨ ᠬᠡᠰᠡᠭ ᠨᠢ ᠥᠮᠡᠨ ᠳᠤ ᠬᠦᠨᠳᠦ ᠨᠡᠷᠪᠡᠭᠳᠡᠭᠰᠡᠨ 71 ᠨᠠᠰᠤᠲᠠᠶ | ᠡᠪᠡᠳᠴᠢᠳᠡᠨ ᠢ ᠰᠣᠩᠭᠤᠪᠡ᠂ ᠲᠤᠰ ᠡᠪᠡᠳᠴᠢᠳᠡᠨ ᠳᠤ ᠡᠮᠨᠡᠬᠦ ᠳᠤ ᠬᠠᠳᠬᠤᠵᠤ ᠤᠷᠤᠭᠤᠯᠬᠤ ᠵᠡᠷᠭᠡ ᠡᠮᠴᠢᠯᠡᠭᠡ | ᠬᠢᠭᠰᠡᠨ ᠪᠣᠯᠪᠠᠴᠤ ᠲᠤᠰᠠ ᠭᠠᠷᠤᠭᠰᠠᠨ ᠥᠬᠡᠶ᠂ ᠬᠠᠭᠠᠷᠠᠵᠦ ᠮᠡᠳᠡᠬᠦ ᠪᠠᠶᠢᠳᠠᠯ ᠳᠤᠤᠷ᠎ᠠ᠂ ᠬᠡᠷ ᠪᠦᠯᠢ ᠶᠢᠨ ᠬᠢᠨ ᠪᠠ | ᠡᠪᠡᠳᠴᠢᠲᠡᠨ ᠤ ᠵᠥᠪᠰᠢᠶᠡᠷᠡᠯ ᠢ ᠣᠯᠤᠭᠰᠠᠨ ᠤᠷᠢᠲᠠᠯ ᠳᠤᠤᠷ᠎ᠠ᠂ ᠠᠨᠾᠦ᠋ᠢ ᠶᠢᠨ ᠡᠮᠨᠡᠯᠭᠡ ᠶᠢᠨ ᠶᠡᠭᠡ | ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶ᠎ᠠ ᠨᠢ ᠲᠣᠰ ᠲᠣᠰ ᠡᠷᠳᠡᠮ ᠰᠢᠨᠵᠢᠯᠡᠭᠡᠨ ᠤ ᠺᠣᠮᠢᠰ᠂ | ᠡᠮᠴᠢᠯᠡᠭᠡᠨ ᠤ ᠰᠢᠨ᠎ᠡ ᠮᠡᠷᠭᠡᠵᠢᠯ ᠤᠨ ᠶᠣᠰᠣ ᠰᠤᠷᠲᠠᠬᠤᠨ ᠤ ᠺᠣᠮᠢᠰ᠂ ᠡᠷᠬᠡᠲᠡᠨ ᠰᠢᠯᠵᠢᠭᠦᠯᠦᠨ ᠰᠠᠭᠤᠯᠭᠠᠬᠤ ᠶᠣᠰᠣ | ᠰᠤᠷᠲᠠᠬᠤᠨ ᠤ ᠺᠣᠮᠢᠰ ᠵᠢᠴᠢ ᠠᠮᠢᠲᠠᠨ ᠤ ᠶᠣᠰᠣ ᠰᠤᠷᠲᠠᠬᠤᠨ ᠤ ᠺᠣᠮᠢᠰ ᠤᠨ ᠬᠤᠷᠠᠯ ᠬᠤᠷᠠᠯᠳᠤᠭᠤᠯᠵᠤ᠂ ᠲᠣᠰ | ᠵᠢᠱᠢᠶ᠎ᠡ ᠶᠢᠨ ᠡᠪᠡᠳᠴᠢᠲᠡᠨ ᠳᠤ ᠤᠨᠳᠤᠤ ᠲᠥᠷᠥᠯ ᠤᠨ ᠲᠤᠰᠠᠯᠠᠬᠤ ᠡᠯᠢᠭᠡ ᠰᠢᠯᠵᠢᠭᠦᠯᠦᠨ ᠰᠠᠭᠤᠯᠭᠠᠬᠤ ᠰᠤᠳᠤᠯᠭᠠᠨ | ᠥᠷᠨᠢᠭᠦᠯᠬᠦ ᠶᠢ ᠵᠥᠪᠰᠢᠶᠡᠷᠡᠭᠰᠡᠨ ᠪᠥᠭᠡᠳ ᠠᠨᠾᠦ᠋ᠢ ᠮᠤᠵᠢ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠳᠤ ᠮᠡᠳᠡᠭᠦᠯᠵᠦ ᠳᠠᠩᠰᠠᠯᠠᠭᠤᠯᠪᠠ᠃ ︽ᠴᠢᠬᠤᠯᠠᠴᠢᠯᠠᠭᠤᠰᠢᠲᠠᠶ ᠨᠢ᠂ ᠪᠣᠶ ᠪᠥᠬᠦᠶ ︿ᠭᠠᠭ᠋ᠠᠶ ᠶᠢᠨ ᠡᠯᠢᠭᠡ﹀ | ᠶᠢ ᠴᠥᠮ ᠬᠥᠮᠦᠨ ᠤ ᠪᠡᠶ᠎ᠡ ᠳᠤ ᠰᠢᠯᠵᠢᠭᠦᠯᠦᠨ ᠰᠠᠭᠤᠯᠭᠠᠵᠤ ᠪᠣᠯᠤᠨ᠎ᠠ ᠭᠡᠰᠡᠨ ᠶᠠᠪᠤᠳᠠᠯ ᠪᠢᠰᠢ᠂ ᠡᠨᠡ ᠬᠦ | ᠭᠠᠭ᠋ᠠᠶ ᠶᠢᠨ ᠡᠯᠢᠭᠡ ᠪᠤᠯ ᠭᠧᠨ ᠢᠶᠠᠷ ᠨᠠᠶᠢᠷᠠᠭᠤᠯᠤᠭᠰᠠᠨ ᠭᠠᠭ᠋ᠠᠶ ᠶᠢᠨ ᠡᠯᠢᠭᠡ ᠶᠤᠮ᠂ ᠲᠤᠰᠬᠠᠶᠢᠯᠠᠨ ᠤᠨᠳᠤᠤ | ᠲᠥᠷᠥᠯ ᠤᠨ ᠡᠯᠢᠭᠡ ᠶᠢ ᠰᠢᠯᠵᠢᠭᠦᠯᠦᠨ ᠰᠠᠭᠤᠯᠭᠠᠬᠤ ᠡᠮᠴᠢᠯᠡᠭᠡᠨ ᠤ ᠮᠡᠰᠡ ᠵᠠᠰᠠᠯ ᠬᠢᠬᠦ ᠶᠢᠨ ᠲᠥᠯᠥᠭᠡ | ᠰᠢᠯᠢᠳᠡᠭᠵᠢᠭᠦᠯᠦᠨ ᠪᠤᠶᠢᠵᠢᠭᠤᠯᠤᠭᠰᠠᠨ ᠠᠮᠢᠳᠤ ᠪᠣᠳᠠᠰ ᠤᠨ ᠡᠮᠴᠢᠯᠡᠭᠡᠨ ᠤ ᠡᠷᠬᠡᠲᠡᠨ ᠶᠤᠮ︾ ᠭᠡᠵᠦ ᠬᠤᠸᠠᠵᠦ᠋ᠩ | ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠲᠦᠩ ᠵᠢᠶ ᠡᠮᠨᠡᠯᠭᠡ ᠶᠢᠨ ᠬᠤᠷᠢᠶᠠᠨ ᠤ ᠡᠷᠬᠡᠲᠡᠨ | ᠰᠢᠯᠵᠢᠭᠦᠯᠬᠦ ᠰᠤᠳᠤᠯᠭᠠᠨ ᠤ ᠤᠤᠯ ᠤᠨ ᠳᠠᠷᠤᠭ᠎ᠠ ᠴᠧᠨ ᠵᠥᠩ ᠬᠤᠸᠠ ᠬᠡᠯᠡᠪᠡ᠃ | |