ᠮᠠᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠴᠡᠭᠡ ᠶᠢᠨ ᠬᠠᠮᠢᠶᠠᠷᠤᠯᠲᠠ ᠵᠢᠨ‌‍ᠲ᠋ᠦ᠋ᠷᠢᠮ ᠤᠨ ᠰᠢᠰᠲ᠋ᠧᠮ ᠠᠩᠬ᠎ᠠ ᠠᠯᠬᠤᠮ ᠪᠦᠷᠢᠯᠳᠦᠵᠡᠢ
ᠨᠡᠶᠢᠲᠡᠯᠡᠭᠰᠡᠨ ᠴᠠᠭ᠄
2024/6/3
      ᠶᠦᠨᠨᠠᠨ ᠤ ᠺᠦᠨᠮᠢᠩ ᠳᠤ ᠬᠤᠷᠠᠯᠳᠤᠭᠰᠠᠨ ᠪᠦᠭᠦ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠴᠡᠭᠡ ᠶᠢᠨ ᠬᠠᠮᠢᠶᠠᠷᠤᠯᠲᠠ ᠶᠢᠨ ᠠᠵᠢᠯ ᠤᠨ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠤᠯᠤᠰ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠴᠡᠭᠡ ᠶᠢᠨ ᠬᠠᠮᠢᠶᠠᠷᠤᠯᠲᠠ ᠦᠭᠡᠢ ᠪᠠᠶᠢᠭᠰᠠᠨ ᠠᠴᠠ ᠪᠠᠨ ᠪᠠᠶᠢᠬᠤ ᠪᠣᠯᠵᠤ᠂ ᠭᠠᠵᠠᠷ ᠰᠢᠷᠣᠢ ᠠᠴᠠ ᠣᠷᠣᠨ ᠵᠠᠢ ᠬᠦᠷᠲᠡᠯᠡᠬᠢ ᠲᠡᠦᠬᠡᠨ ᠰᠢᠪᠲᠤᠯᠤᠯᠲᠠ ᠲᠠᠢ ᠪᠤᠯᠬᠤ ᠶᠢ ᠳᠠᠭᠠᠯᠳᠤᠨ᠂ ᠠᠮᠢ ᠠᠬᠤᠢ᠂ ᠲᠠᠷᠢᠶᠠᠯᠠᠩ᠂ ᠬᠤᠳᠠ ᠪᠠᠯᠭᠠᠰᠤᠨ ᠤ ᠣᠷᠣᠨ ᠵᠠᠢ ᠶᠢ ᠬᠠᠮᠤᠷᠤᠭᠰᠠᠨ ᠪᠦᠭᠦ ᠣᠷᠣᠨ ᠪᠦᠰᠡ ᠪᠦᠭᠦ ᠡᠯᠧᠮᠧᠨ᠋ᠲ ᠪᠦᠭᠦ ᠶᠠᠪᠤᠴᠠ ᠶᠢᠨ ᠬᠡᠷᠡᠭᠴᠡᠭᠡ ᠶᠢᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠠᠩᠬ᠎ᠠ ᠠᠯᠬᠤᠮ ᠪᠦᠷᠢᠯᠳᠦᠪᠡ᠃          ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠠᠶᠢᠳ ᠸᠠᠩ ᠭᠤᠸᠠᠩ ᠬᠤᠸᠠ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠴᠡᠭᠡ ᠶᠢᠨ ᠬᠠᠮᠢᠶᠠᠷᠤᠯᠲᠠ ᠶᠢ ᠨᠢᠭᠡᠳᠦᠯᠲᠡᠢ ᠬᠡᠷᠡᠭᠵᠢᠭᠦᠯᠬᠦ ᠠᠵᠢᠯ ᠱᠠᠲᠤᠴᠢ ᠴᠢᠨᠠᠷᠲᠠᠢ ᠠᠮᠵᠢᠯᠲᠠ ᠣᠯᠵᠤ᠂ ᠢᠯᠠᠩᠭᠤᠶ᠎ᠠ ᠭᠠᠵᠠᠷ ᠰᠢᠷᠣᠢ ᠶᠢᠨ ᠡᠯᠧᠮᠧᠨ᠋ᠲ ᠢ ᠪᠠᠲᠤᠯᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠩ ᠲᠡᠭᠦᠯᠳᠡᠷᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠵᠠᠰᠠᠯᠲᠠ ᠶᠢᠨ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠵᠦ᠂ ᠣᠷᠣᠨ ᠨᠤᠲᠤᠭ ᠤᠨ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠲᠤᠰᠬᠠᠭᠰᠠᠨ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠡᠯ᠎ᠡ ᠲᠥᠷᠥᠯ ᠤᠨ ᠪᠡᠯᠡ ᠣᠷᠣᠭᠤᠯᠤᠯᠲᠠ ᠶᠢ ᠠᠯᠢ ᠲᠦᠷᠭᠡᠨ ᠢᠶᠠᠷ ᠨᠠᠶᠢᠳᠠᠪᠤᠷᠢᠵᠢᠭᠤᠯᠬᠤ ᠶᠢ ᠠᠬᠢᠭᠤᠯᠵᠠᠢ ᠭᠡᠵᠦ ᠢᠯᠡᠳᠬᠡᠪᠡ᠃          ᠸᠠᠩ ᠭᠤᠸᠠᠩ ᠬᠤᠸᠠ᠂ ᠬᠡᠷᠡᠭᠴᠡᠭᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠨᠡᠭᠡᠭᠡᠨ ᠬᠥᠭᠵᠢᠭᠦᠯᠵᠦ ᠬᠠᠮᠠᠭᠠᠯᠠᠬᠤ ᠳᠦᠷᠢᠮ ᠢ ᠪᠦᠷᠢᠨᠰᠢᠭᠦᠯᠬᠦ ᠪᠣᠯ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠥᠭᠵᠢᠯᠲᠡ ᠶᠢᠨ ᠪᠠᠶᠢᠷᠢᠰᠢᠯ ᠢ ᠰᠢᠯᠢᠳᠡᠭᠵᠢᠭᠦᠯᠬᠦ ᠬᠦᠴᠦᠲᠡᠢ ᠠᠷᠭ᠎ᠠ ᠪᠠᠷᠢᠯ ᠮᠥᠨ᠃ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠨᠢᠭᠡᠳᠦᠯᠲᠡᠢ ᠣᠷᠣᠨ ᠵᠠᠢ ᠶᠢᠨ ᠬᠡᠷᠡᠭᠴᠡᠭᠡ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠶᠢ ᠠᠬᠢᠭᠤᠯᠤᠨ᠎ᠠ᠃ ᠭᠠᠵᠠᠷ ᠰᠢᠷᠣᠢ ᠶᠢᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠤᠯᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠬᠤᠲᠠ ᠬᠥᠳᠡᠭᠡ ᠶᠢᠨ ᠬᠡᠷᠡᠭᠴᠡᠭᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠤᠨ᠎ᠠ᠃ ᠠᠷᠭ᠎ᠠ ᠭᠡᠯᠪᠡᠷᠢ ᠠᠷᠭ᠎ᠠ ᠬᠡᠮᠵᠢᠶ᠎ᠡ ᠪᠠᠨ ᠪᠦᠷᠢᠨᠰᠢᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠭᠠᠵᠠᠷ ᠰᠢᠷᠣᠢ ᠬᠡᠷᠡᠭᠯᠡᠬᠦ ᠵᠦᠢ ᠵᠣᠬᠢᠰᠲᠠᠢ ᠬᠡᠷᠡᠭᠴᠡᠭᠡ ᠶᠢ ᠪᠠᠲᠤᠯᠠᠨ᠎ᠠ᠃ ᠲᠥᠯᠥᠪᠯᠡᠭᠡᠲᠦ ᠬᠠᠮᠢᠶᠠᠷᠤᠯᠲᠠ ᠪᠠ ᠭᠠᠵᠠᠷ ᠰᠢᠷᠣᠢ ᠬᠡᠷᠡᠭᠯᠡᠬᠦ ᠶᠢ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠯᠦᠪᠵᠢᠭᠦᠯᠭᠡ ᠳᠤ ᠬᠡᠷᠡᠭᠯᠡᠬᠦ ᠭᠠᠵᠠᠷ ᠰᠢᠷᠣᠢ ᠶᠢᠨ ︽ᠤᠯᠠᠨ ᠬᠢᠨᠠᠯᠲᠠ ᠶᠢ ᠨᠢᠭᠡᠳᠬᠡᠬᠦ᠂ ᠤᠯᠠᠨ ᠦᠨᠡᠮᠯᠡᠯ ᠢ ᠨᠢᠭᠡᠳᠬᠡᠬᠦ᠂ ᠤᠯᠠᠨ ᠬᠡᠮᠵᠢᠯᠲᠡ ᠶᠢ ᠨᠢᠭᠡᠳᠬᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠬᠠᠤᠯᠢ ᠪᠠᠷ ᠲᠣᠭᠲᠠᠭᠠᠭᠰᠠᠨ ᠲᠥᠯᠦᠪᠵᠢᠭᠦᠯᠭᠡ ᠶᠢ ᠦᠨᠳᠦᠰᠦᠯᠡᠨ ᠬᠡᠷᠡᠭᠴᠡᠭᠡ ᠶᠢᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢ ᠪᠦᠷᠢᠨᠰᠢᠭᠦᠯᠦᠨ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠮᠡᠷᠭᠡᠵᠢᠯ ᠤᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠲᠣᠭᠠᠴᠢᠯᠠᠭᠰᠠᠨ ᠭᠡᠯᠪᠡᠷᠢ ᠲᠡᠶᠢᠰᠢ ᠬᠤᠪᠢᠷᠠᠭᠤᠯᠬᠤ ᠶᠢ ᠲᠦᠷᠭᠡᠳᠬᠡᠨ᠎ᠡ ᠭᠡᠵᠦ ᠢᠯᠡᠳᠬᠡᠪᠡ᠃ 
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号