ᠨᠣᠣᠯᠣᠭᠤᠷ ᠤᠨ ᠢᠮᠠᠭ᠎ᠠ᠄ ᠪᠠᠶᠠᠵᠢᠯ ᠤᠨ ᠳᠠᠭᠠᠭᠤᠯᠤᠭᠴᠢ
ᠨᠡᠶᠢᠲᠡᠯᠡᠭᠰᠡᠨ ᠴᠠᠭ᠄
2024/6/5
      ︽7 ᠵᠢᠩ 4 ᠯᠠᠩ︕︾ ᠡᠯᠧᠺᠲᠷᠣᠨ ᠵᠢᠩᠯᠡᠭᠦᠷ ᠳᠡᠭᠡᠷ᠎ᠡ ᠨᠣᠣᠯᠣᠭᠤᠷ ᠤᠨ ᠢᠮᠠᠭᠠᠨ ᠤ ᠨᠣᠣᠯᠣᠭᠤᠷ ᠤᠨ  ᠬᠦᠨᠳᠦ ᠶᠢᠨ ᠬᠡᠮᠵᠢᠶ᠎ᠡ ᠨᠢ ᠡᠷᠭᠢᠨ ᠲᠣᠭᠤᠷᠢᠨ ᠤ ᠦᠵᠡᠭᠴᠢᠳ ᠢ ᠶᠡᠬᠡᠳᠡ ᠰᠣᠴᠢᠭᠠᠵᠤ᠂ ᠬᠤᠭᠤᠷᠤᠨᠳᠤ ᠪᠠᠨ  ᠶᠠᠷᠢᠯᠴᠠᠵᠤ ᠡᠬᠢᠯᠡᠪᠡ᠃ 5 ᠳ᠋ᠤᠭᠠᠷ ᠰᠠᠷ᠎ᠠ ᠶᠢᠨ 23 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ  ᠬᠤᠰᠢᠭᠤᠨ ᠤ ᠳᠠᠷᠬᠠᠨ ᠰᠤᠮᠤ ᠬᠦᠷ ᠬᠥᠭᠵᠢᠶᠡᠨᠲᠦ ᠨᠣᠣᠯᠣᠭᠤᠷ ᠤᠨ ᠢᠮᠠᠭ᠎ᠠ ᠰᠠᠮᠨᠠᠬᠤ ᠦᠵᠡᠭᠦᠯᠭᠡ ᠶᠢᠨ ᠬᠤᠷᠠᠯ ᠢ  ᠡᠷᠭᠢᠯᠡᠪᠡ᠃ ᠲᠤᠬᠠᠶ ᠶᠢᠨ ᠲᠠᠯᠠᠪᠤᠷ ᠲᠤ᠂ ᠪᠣᠯᠪᠠᠰᠤᠷᠠᠩᠭᠤᠶᠢᠵᠢᠭᠰᠠᠨ ᠰᠠᠮᠨᠠᠭᠴᠢ ᠭᠠᠷ ᠲᠤ ᠬᠢ ᠬᠠᠶᠢᠴᠢ ᠪᠠᠨ  ᠬᠤᠷᠦ᠋ᠢᠯᠵᠠᠭᠤᠯᠤᠨ᠂ ᠤᠪᠤᠭ᠎ᠠ ᠴᠤᠪᠤᠭ᠎ᠠ ᠢᠮᠠᠭᠠᠨ ᠨᠣᠣᠯᠣᠭᠤᠷ ᠬᠠᠶᠢᠴᠢᠨ ᠤ ᠠᠶ᠎ᠠ ᠪᠠᠷ ᠪᠠᠭᠤᠵᠤ᠂ ᠢᠮᠠᠭᠠᠳ ᠢ  ᠵᠤᠨ ᠳᠤ ᠣᠷᠤᠭᠤᠯᠪᠠ᠃          ︽ᠡᠳᠡᠭᠡᠷ ᠪᠣᠯ ᠮᠢᠨᠦ ᠯᠢᠶᠣᠤᠨᠢᠩ ᠠᠴᠠ ᠣᠷᠣᠭᠤᠯᠤᠭᠰᠠᠨ ᠨᠣᠣᠯᠣᠭᠤᠷ ᠤᠨ ᠢᠮᠠᠭ᠎ᠠ ᠮᠥᠨ︾᠃ ᠥᠪᠥᠷ  ᠮᠣᠩᠭᠤᠯ ᠤᠨ ᠪᠠᠶᠠᠵᠢᠨ᠎ᠠ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ  ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢᠶᠠᠩ ᠳ᠋ᠧ ᠶᠦᠩ ᠤᠨ ᠲᠠᠨᠢᠯᠴᠠᠭᠤᠯᠤᠭᠰᠠᠨ ᠢᠶᠠᠷ᠂ ᠡᠳᠡᠭᠡᠷ ᠨᠣᠣᠯᠣᠭᠤᠷ ᠤᠨ  ᠢᠮᠠᠭ᠎ᠠ ᠨᠢ ᠨᠣᠣᠯᠣᠭᠤᠷ ᠤᠨ ᠭᠠᠷᠤᠯᠲᠠ ᠪᠠᠷ ᠥᠨᠳᠥᠷ᠂ ᠨᠣᠣᠯᠣᠭᠤᠷ ᠤᠨ ᠰᠢᠷᠬᠡᠭ ᠨᠢ ᠤᠷᠲᠤ᠂ ᠨᠣᠣᠯᠣᠭᠤᠷ ᠤᠨ  ᠠᠭᠤᠯᠤᠭᠳᠠᠴᠠ ᠨᠢ ᠥᠨᠳᠥᠷ ᠪᠠᠶᠢᠳᠠᠭ ᠢᠶᠠᠷ ᠢᠶᠠᠨ ᠠᠯᠳᠠᠷᠰᠢᠭᠰᠠᠨ ᠪᠥᠭᠡᠳ ᠮᠢᠬᠠᠨ ᠤ ᠭᠠᠷᠤᠯᠲᠠ ᠨᠢ ᠶᠡᠭᠡ᠂  ᠤᠯᠠᠨ ᠲᠥᠯᠯᠡᠵᠦ᠂ ᠮᠠᠯᠴᠢᠳ ᠤᠨ ᠬᠦᠷᠢᠶᠡᠯᠡᠯ ᠢ ᠶᠡᠬᠡᠳᠡ ᠣᠯᠤᠭᠰᠠᠨ ᠪᠠᠶᠢᠨ᠎ᠠ ᠭᠡᠵᠡᠢ᠃ ︽ᠡᠨᠡ ᠢᠮᠠᠭᠠᠨ ᠤ ᠪᠡᠶ᠎ᠡ ᠨᠢ ᠴᠢᠭᠢᠷᠠᠭ ᠰᠠᠶᠢᠲᠠᠢ᠂ ᠨᠣᠣᠰᠤ ᠨᠢ ᠠᠷᠪᠢᠨ ᠮᠥᠷᠲᠡᠭᠡᠨ ᠤᠷᠲᠤ᠂ ᠡᠩ ᠤᠨ  ᠢᠮᠠᠭᠠᠨ ᠤ ᠦᠨ᠎ᠡ ᠶᠢᠨ ᠬᠡᠳᠦᠨ ᠳᠠᠬᠢᠨ ᠁︾ ᠬᠠᠵᠠᠭᠤ ᠶᠢᠨ ᠦᠵᠡᠭᠴᠢ ᠮᠠᠯᠴᠢᠨ ᠴᠢᠬᠢᠷᠠᠭ ᠭᠤᠶ᠎ᠠ᠂ ᠤᠷᠲᠤ  ᠨᠣᠣᠯᠣᠭᠤᠷ ᠲᠠᠢ ᠢᠮᠠᠭ᠎ᠠ ᠶᠢ ᠮᠠᠭᠲᠠᠨ ᠰᠠᠶᠢᠰᠢᠶᠠᠨ᠎ᠠ᠃ ᠠᠵᠢᠯᠯᠠᠭᠠᠨ ᠳᠤ᠂ ᠯᠢᠶᠠᠩ ᠳ᠋ᠧ ᠶᠦᠩ ᠨᠣᠣᠯᠣᠭᠤᠷ ᠤᠨ  ᠢᠮᠠᠭᠠᠨ ᠤ ᠲᠥᠷᠥᠯ ᠵᠦᠢᠯ ᠤᠨ ᠰᠣᠩᠭᠤᠯᠲᠠ᠂ ᠠᠷᠠᠴᠢᠯᠠᠨ ᠬᠠᠮᠢᠶᠠᠷᠤᠯᠲᠠ᠂ ᠡᠪᠡᠳᠴᠢᠨ ᠡᠮᠭᠡᠭ ᠢ ᠰᠡᠷᠭᠡᠶᠢᠯᠡᠨ  ᠵᠠᠰᠠᠬᠤ ᠵᠡᠷᠭᠡ ᠲᠠᠯ᠎ᠠ ᠪᠠᠷ ᠲᠠᠶᠢᠯᠤᠮᠵᠢ ᠬᠢᠵᠡᠶ᠃  
2024-06-12-325f0e4f8a-2a72-4706-ab55-2bb17408a5f4.jpg
      ᠲᠠᠷᠬᠠᠨ ᠰᠤᠮᠤ ᠨᠢ ᠨᠤᠲᠤᠭ ᠪᠡᠯᠴᠢᠭᠡᠷ ᠤᠨ ᠣᠨᠴᠠᠭᠠᠢ ᠡᠬᠢ ᠪᠠᠶᠠᠯᠢᠭ ᠲᠠᠢ ᠪᠠᠶᠢᠵᠤ᠂ ᠲᠤᠬᠠᠢ ᠶᠢᠨ  ᠭᠠᠵᠠᠷ ᠤᠨ ᠮᠠᠯᠴᠢᠳ ᠤᠨ ᠣᠷᠣᠯᠭ᠎ᠠ ᠭᠤᠣᠯᠳᠠᠭᠤ ᠮᠠᠯ ᠠᠵᠤ ᠠᠬᠤᠢ ᠳᠤ ᠲᠦᠰᠢᠭᠯᠡᠵᠦ ᠪᠠᠶᠢᠳᠠᠭ᠃ 2021  ᠣᠨ ᠳᠤ᠂ ᠯᠢᠶᠠᠩ ᠳ᠋ᠧ ᠶᠦᠩ ᠥᠪᠥᠷ ᠮᠣᠩᠭᠤᠯ ᠤᠨ ᠪᠠᠶᠠᠵᠢᠨ᠎ᠠ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ  ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠪᠠᠶᠢᠭᠤᠯᠵᠤ᠂ 100 ᠲᠦᠮᠡ ᠰᠢᠬᠠᠮ ᠲᠥᠭᠦᠷᠢᠭ ᠤᠨ ᠪᠡᠯᠡ  ᠣᠷᠣᠭᠤᠯᠵᠤ ᠲᠡᠵᠢᠭᠡᠨ ᠦᠷᠡᠵᠢᠭᠦᠯᠬᠦ ᠲᠠᠯᠠᠪᠠᠢ ᠪᠠᠶᠢᠭᠤᠯᠵᠤ᠂ ᠨᠣᠣᠯᠣᠭᠤᠷ ᠤᠨ ᠢᠮᠠᠭ᠎ᠠ ᠶᠢ ᠣᠷᠣᠭᠤᠯᠤᠨ  ᠠᠪᠴᠢᠷᠠᠵᠤ᠂ ᠦᠷᠡᠵᠢᠭᠦᠯᠬᠦ᠂ ᠪᠤᠶᠢᠵᠢᠭᠤᠯᠬᠤ᠂ ᠪᠣᠷᠣᠯᠠᠭᠤᠯᠬᠤ ᠪᠠᠷ ᠳᠠᠮᠵᠢᠭᠤᠯᠤᠨ᠂ ᠲᠤᠬᠠᠢ ᠶᠢᠨ ᠭᠠᠵᠠᠷ ᠤᠨ  ᠢᠮᠠᠭᠠᠨ ᠤ ᠡᠭᠦᠯᠳᠡᠷ ᠢ ᠰᠠᠶᠢᠵᠢᠷᠠᠭᠤᠯᠪᠠ᠃ ᠣᠳᠣᠬᠠᠨ ᠳᠤ 300 ᠲᠤᠯᠤᠭᠠᠢ ᠪᠠᠶᠢᠵᠤ᠂ ᠲᠣᠰ ᠲᠣᠰᠬᠤᠨ ᠵᠢᠴᠢ  ᠡᠷᠬᠢᠨ ᠲᠣᠭᠤᠷᠢᠨ ᠤ ᠲᠠᠷᠢᠶᠠᠴᠢᠨ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂  ᠲᠤᠬᠠᠶ ᠶᠢᠨ ᠭᠠᠵᠠᠷ ᠤᠨ ᠲᠡᠵᠢᠭᠡᠨ ᠦᠷᠡᠵᠢᠭᠦᠯᠬᠦ ᠦᠢᠯᠡᠰ ᠢ ᠳᠠᠶᠢᠴᠢᠯᠠᠬᠤ ︽ᠳᠠᠭᠠᠭᠤᠯᠤᠭᠴᠢ︾ ᠪᠣᠯᠪᠠ᠃           ︽ᠨᠣᠯᠤᠤᠷ ᠤᠨ ᠢᠮᠠᠭᠠᠨ ᠤ ᠠᠵᠤ ᠠᠬᠤᠶ ᠶᠢᠨ ᠦᠷ᠎ᠡ ᠠᠰᠢᠭ ᠨᠢ ᠡᠩ ᠤᠨ ᠢᠮᠠᠭᠠᠨ ᠠᠴᠠ ᠬᠤᠯᠠ  ᠳᠠᠪᠠᠵᠤ᠂ ᠵᠢᠯ ᠪᠦᠷᠢ ᠬᠤᠶᠠᠷ ᠤᠳᠠᠭ᠎ᠠ ᠲᠥᠯᠯᠡᠵᠦ᠂ ᠡᠮ᠎ᠡ ᠢᠮᠠᠭᠠᠨ ᠤ ᠰᠦ ᠨᠢ ᠭᠦᠢᠴᠡᠳ ᠪᠣᠯᠬᠤᠷ ᠢᠰᠢᠭᠡ ᠶᠢ   ᠨᠢ ᠬᠤᠳᠠᠯᠳᠤᠬᠤ ᠪᠠᠷ ᠪᠠᠷᠠᠬᠤ ᠦᠭᠡᠢ ᠨᠣᠣᠯᠣᠭᠤᠷ ᠢ ᠨᠢ ᠪᠠᠰᠠ ᠬᠤᠳᠠᠯᠳᠤᠵᠤ᠂ ᠢᠮᠠᠭ᠎ᠠ ᠪᠣᠯᠭᠠᠨ ᠠᠴᠠ ᠴᠥᠮ  ᠳᠥᠷᠪᠡᠨ ᠵᠢᠩ ᠢᠯᠡᠭᠦᠦ ᠨᠣᠣᠯᠣᠭᠤᠷ ᠭᠠᠷᠴᠤ᠂ ᠢᠯᠡᠭᠦᠤ ᠳᠤ ᠪᠠᠨ ᠲᠤᠯᠤᠭ᠎ᠠ ᠨᠠᠢᠮᠠᠨ ᠵᠢᠩ ᠨᠣᠣᠯᠣᠭᠤᠷ ᠭᠠᠷᠤᠨ᠎ᠠ︾ ᠭᠡᠵᠦ ᠯᠢᠶᠠᠩ ᠳ᠋ᠧ ᠶᠥᠩ ᠬᠡᠯᠡᠨ᠎ᠡ᠃           ᠣᠶᠢᠷ᠎ᠠ ᠶᠢᠨ ᠵᠢᠯ ᠳᠤ᠂ ᠳᠠᠷᠬᠠᠨ ᠰᠤᠮᠤ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ᠂  ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠲᠠᠯ᠎ᠠ ᠪᠠᠷ ᠠᠷᠭ᠎ᠠ ᠤᠬᠠᠭᠠᠨ ᠭᠠᠷᠭᠠᠵᠤ᠂ ᠬᠡᠪᠴᠢᠶᠡᠵᠢᠭᠰᠡᠨ᠂  ᠰᠢᠨᠵᠢᠯᠡᠬᠦ ᠤᠬᠠᠭᠠᠨᠴᠢᠯᠠᠯᠲᠠ ᠪᠠᠷ ᠨᠣᠣᠯᠣᠭᠤᠷ ᠤᠨ ᠢᠮᠠᠭ᠎ᠠ ᠶᠢ ᠲᠡᠵᠢᠭᠡᠨ ᠦᠷᠡᠵᠢᠭᠦᠯᠬᠦ ᠪᠠᠷ ᠳᠠᠮᠵᠢᠨ᠂ ᠲᠤᠬᠠᠶ ᠶᠢᠨ  ᠭᠠᠵᠠᠷ ᠤᠨ ᠲᠠᠷᠢᠶᠠᠴᠢᠨ ᠡᠷᠦᠬᠡ ᠶᠢ ᠳᠠᠶᠢᠴᠢᠯᠠᠨ ᠢᠮᠠᠭ᠎ᠠ ᠲᠡᠵᠢᠭᠡᠬᠦ ᠦᠢᠯᠡᠰ ᠢ ᠶᠡᠭᠡ ᠪᠠᠷ ᠬᠥᠭᠵᠢᠭᠦᠯᠵᠦ᠂ ᠬᠥᠳᠡᠭᠡ  ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ︽ᠰᠢᠨ᠎ᠡ ᠮᠠᠯᠴᠢᠨ ᠤ ᠳᠠᠭᠤᠤ︾ ᠶᠢ ᠬᠠᠩᠭᠢᠨᠠᠭᠤᠯᠪᠠ᠃    
2024-06-12-11532a76b7-c908-42ed-98b6-f041d3722b8a.jpg
       ᠳᠠᠷᠬᠠᠨ ᠰᠤᠮᠤ ᠶᠢᠨ ᠳᠡᠳ᠋ ᠰᠤᠮᠤᠨ ᠳᠠᠷᠤᠭ᠎ᠠ ᠬᠠᠨᠳᠠ ᠶᠢᠨ ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ  ᠦᠵᠡᠭᠦᠯᠭᠡ ᠶᠢᠨ ᠴᠤᠭᠯᠠᠭᠠᠨ ᠨᠢ ᠳᠠᠷᠤᠶ ᠨᠣᠣᠯᠣᠭᠤᠷ ᠤᠨ ᠢᠮᠠᠭ᠎ᠠ ᠶᠢ ᠬᠥᠭᠵᠢᠭᠦᠯᠬᠦ ᠬᠦᠰᠡᠯ ᠡᠷᠡᠮᠡᠯᠵᠡᠯ ᠲᠠᠢ  ᠮᠠᠯᠵᠢᠬᠤ ᠡᠷᠦᠬᠡ ᠶᠢ ᠲᠤᠬᠠᠶ ᠶᠢᠨ ᠭᠠᠵᠠᠷ ᠲᠤ ᠨᠢ ᠲᠣᠭᠤᠷᠢᠨ ᠦᠵᠡᠭᠦᠯᠬᠦ ᠪᠠᠷ ᠳᠠᠮᠵᠢᠭᠤᠯᠤᠨ᠂ ᠨᠣᠣᠯᠣᠭᠤᠷ ᠤᠨ  ᠢᠮᠠᠭᠠᠨ ᠤ ᠨᠣᠣᠯᠣᠭᠤᠷ ᠤᠨ ᠪᠣᠳᠠᠲᠠᠶ ᠭᠠᠷᠤᠯᠲᠠ ᠶᠢ ᠣᠶᠢᠯᠠᠭᠠᠭᠤᠯᠵᠤ᠂ ᠲᠡᠵᠢᠭᠡᠨ ᠦᠷᠡᠵᠢᠭᠦᠯᠬᠦ ᠰᠢᠨ᠎ᠡ ᠲᠥᠷᠥᠯ  ᠵᠦᠢᠯ ᠢ ᠬᠤᠪᠢᠷᠠᠭᠤᠯᠬᠤ ᠢᠲᠡᠭᠡᠯ ᠵᠣᠷᠢᠭ ᠢ ᠨᠢ ᠬᠦᠪᠴᠢᠯᠡᠵᠦ᠂ ᠲᠡᠵᠢᠭᠡᠨ ᠦᠷᠡᠵᠢᠭᠦᠯᠬᠦ ᠣᠷᠣᠯᠭ᠎ᠠ ᠶᠢ  ᠳᠡᠭᠡᠭᠰᠢᠯᠡᠭᠦᠯᠬᠦ ᠶᠠᠪᠤᠳᠠᠯ ᠪᠣᠯᠤᠨ᠎ᠠ ᠭᠡᠵᠡᠢ᠃           ᠡᠨᠡ ᠵᠢᠯ᠂ ᠳᠠᠷᠬᠠᠨ ᠰᠤᠮᠤ ᠨᠣᠣᠯᠣᠭᠤᠷ ᠤᠨ ᠡᠭᠦᠯᠳᠡᠷ ᠤᠨ ᠢᠮᠠᠭ᠎ᠠ ᠶᠢ ᠦᠷᠡᠵᠢᠭᠦᠯᠦᠨ ᠪᠤᠶᠢᠵᠢᠭᠤᠯᠬᠤ  ᠰᠠᠭᠤᠷᠢᠨ ᠭᠠᠵᠠᠷ ᠢ ᠪᠠᠶᠢᠭᠤᠯᠤᠭᠰᠠᠨ ᠪᠥᠭᠡᠳ ᠭᠠᠴᠠᠭ᠎ᠠ ᠪᠦᠷᠢ ᠨᠢ ᠡᠭᠦᠯᠳᠡᠷ ᠰᠠᠶᠢᠵᠢᠷᠠᠭᠤᠯᠬᠤ ᠬᠦᠰᠡᠯ ᠲᠠᠢ 5  ᠮᠠᠯᠵᠢᠬᠤ ᠡᠷᠦᠬᠡ ᠶᠢ ᠰᠣᠩᠭᠤᠨ ᠲᠤᠷᠰᠢᠯᠲᠠ ᠬᠢᠵᠦ ᠲᠡᠵᠢᠭᠡᠨ ᠦᠷᠡᠵᠢᠭᠦᠯᠬᠦ ᠠᠵᠢᠯ ᠢ ᠥᠷᠨᠢᠭᠦᠯᠵᠦ᠂  ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠨᠢ ᠭᠡᠷ᠎ᠡ ᠳᠤ ᠲᠣᠭᠲᠠᠭᠰᠠᠨ ᠦᠨ᠎ᠡ ᠶᠣᠰᠣᠭᠠᠷ ᠢᠰᠢᠭᠡ ᠶᠢ ᠨᠢ  ᠬᠤᠷᠢᠶᠠᠨ ᠠᠪᠴᠤ᠂ ᠮᠠᠯᠴᠢᠳ ᠤᠨ ᠪᠣᠷᠤᠯᠠᠭᠤᠯᠭ᠎ᠠ ᠶᠢᠨ ᠵᠠᠮ ᠤᠨ ᠠᠰᠠᠭᠤᠳᠠᠯ ᠢ ᠨᠢ ᠰᠢᠢᠳᠪᠦᠷᠢᠯᠡᠪᠡ᠃ ︽ᠬᠤᠶᠢᠰᠢᠳᠠ ᠪᠢᠳᠡ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠶᠢ ᠦᠷᠭᠦᠯᠵᠢᠯᠡᠨ ᠪᠠᠷᠢᠮᠲᠠᠯᠠᠵᠤ᠂  ᠪᠡᠯᠴᠢᠭᠡᠷ ᠢᠶᠠᠷ ᠮᠠᠯ ᠢ ᠲᠣᠭᠲᠠᠭᠠᠵᠤ᠂ ᠮᠠᠯ ᠤᠨ ᠡᠭᠦᠯᠳᠡᠷ ᠢ ᠰᠠᠶᠢᠵᠢᠷᠠᠭᠤᠯᠬᠤ ᠵᠡᠷᠭᠡ ᠠᠵᠢᠯ ᠢ ᠲᠦᠷᠭᠡᠳᠬᠡᠨ  ᠠᠬᠢᠭᠤᠯᠬᠤ ᠪᠠᠷ ᠳᠠᠮᠵᠢᠭᠤᠯᠤᠨ᠂ ᠮᠠᠯ ᠤᠨᠤᠭ᠎ᠠ ᠶᠢ ᠪᠠᠭᠠᠰᠬᠠᠪᠠᠴᠤ ᠣᠷᠤᠭ ᠤᠯᠠᠭᠠᠨ ᠢ ᠪᠠᠭᠠᠰᠬᠠᠬᠤ ᠦᠭᠡᠢ  ᠪᠠᠶᠢᠬᠤ ᠶᠢ ᠪᠡᠶᠡᠯᠡᠭᠦᠯᠵᠦ᠂ ᠣᠷᠭᠠᠨᠢᠭ ᠳᠡᠭᠡᠳᠦ ᠲᠡᠰ ᠤᠨ ᠦᠬᠡᠷ ᠬᠤᠨᠢ ᠲᠡᠵᠢᠭᠡᠨ ᠦᠷᠡᠵᠢᠭᠦᠯᠬᠦ ᠦᠢᠯᠡᠰ ᠤᠨ  ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠤᠨ᠎ᠠ︾ ᠭᠡᠵᠦ ᠬᠠᠨᠳᠠ ᠬᠡᠯᠡᠪᠡ᠃ 
 
ᠢᠷᠡᠯᠲᠡ᠄ ᠪᠤᠭᠤᠳᠦ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号