ᠤᠯᠤᠰ ᠲᠠᠭᠠᠨ ᠦᠢᠯᠡᠳᠪᠦᠷᠢᠯᠡᠭᠰᠡᠨ ᠬᠤᠳᠠᠯᠳᠤᠭᠠᠨ ᠤ ᠬᠡᠷᠡᠭᠯᠡᠭᠡᠨ ᠤ ᠨᠢᠰᠬᠡᠯ ᠠᠩᠬ᠎ᠠ ᠤᠳᠠᠭ᠎ᠠ ᠠᠭᠠᠷ ᠤᠨ ᠠᠶᠠᠯᠠᠯ ᠤᠨ ᠦᠷᠭᠦᠯᠵᠢᠯᠡᠬᠦ᠋ᠢᠴᠡ ᠲᠦᠯᠡᠰᠢ ᠶᠢᠨ ᠦᠵᠡᠭᠦᠯᠭᠡ ᠶᠢᠨ ᠨᠢᠰᠦᠯᠲᠡ ᠬᠢᠪᠡ
ᠨᠡᠶᠢᠲᠡᠯᠡᠭᠰᠡᠨ ᠴᠠᠭ᠄
2024/6/5
      ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 6 ᠰᠠᠷ᠎ᠠ ᠶᠢᠨ 5 ᠤ ᠡᠳᠦᠷ ᠤᠨ ᠮᠡᠳᠡᠭᠡ ︵ᠰᠤᠷᠪᠤᠯᠵᠢᠯᠠᠭᠴᠢ ᠳ᠋ᠢᠩ ᠢ ᠲᠢᠩ᠂ ᠬᠥ᠋ ᠶᠧ ᠺᠠᠶ︶ ᠰᠤᠷᠪᠤᠯᠵᠢᠯᠠᠭᠴᠢ ᠳᠤᠮᠳᠠᠳᠤ ᠤᠯᠤᠰ ᠤᠨ ᠬᠤᠳᠠᠯᠳᠤᠭᠠᠨ ᠤ ᠬᠡᠷᠡᠭᠯᠡᠭᠡᠨ ᠤ ᠨᠢᠰᠬᠡᠯ ᠤᠨ  ᠬᠢᠵᠠᠭᠠᠷᠲᠤ‌ᠬᠠᠷᠢᠭᠤᠴᠠᠯᠭᠠᠲᠤ ᠺᠣᠮᠫᠠᠨᠢ ᠠᠴᠠ ᠣᠶᠢᠯᠠᠭᠠᠭᠰᠠᠨ ᠢᠶᠠᠷ᠄ ᠲᠣᠰ ᠺᠣᠮᠫᠠᠨᠢ ᠶᠢᠨ ᠨᠢᠭᠡᠨ  ARJ  21  ᠰᠠᠯᠪᠤᠷᠢ  ᠱᠤᠭᠤᠮ ᠤᠨ ᠨᠢᠰᠬᠡᠯ ᠪᠠ ᠨᠢᠭᠡᠨ C 919 ᠲᠣᠮᠣ ᠬᠡᠯᠪᠡᠷᠢ ᠶᠢᠨ ᠠᠶᠠᠨᠴᠢᠨ ᠤ ᠨᠢᠰᠬᠡᠯ 5 ᠤ ᠡᠳᠦᠷ ᠱᠠᠩᠬᠠᠶ ᠶᠢᠨ  ᠫᠦᠳᠦ᠋ᠩ ᠨᠢᠰᠬᠡᠯ ᠤᠨ ᠪᠠᠭᠤᠳᠠᠯ ᠪᠠ ᠱᠠᠨᠳᠦ᠋ᠩ ᠤᠨ ᠳ᠋ᠦᠩ ᠶᠢᠩ ᠨᠢᠰᠬᠡᠯ ᠤᠨ ᠪᠠᠭᠤᠳᠠᠯ ᠠᠴᠠ ᠲᠣᠰ ᠲᠣᠰ ᠨᠢᠰᠴᠦ᠂ ᠨᠢᠭᠡ ᠴᠠᠭ ᠭᠠᠷᠤᠶ ᠨᠢᠰᠦᠭᠡᠳ᠂ᠠᠩᠬ᠎ᠠ ᠤᠳᠠᠭ᠎ᠠ ᠠᠭᠠᠷ ᠤᠨ ᠠᠶᠠᠯᠠᠯ ᠤᠨ ᠦᠷᠭᠦᠯᠵᠢᠯᠡᠬᠦ᠋ᠢᠴᠡ ᠲᠦᠯᠡᠰᠢ ᠶᠢᠨ ᠦᠵᠡᠭᠦᠯᠭᠡ ᠬᠢᠬᠦ ᠨᠢᠰᠦᠯᠲᠡ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃             ᠠᠭᠠᠷ ᠤᠨ ᠠᠶᠠᠯᠠᠯ ᠤᠨ ᠦᠷᠭᠦᠯᠵᠢᠯᠡᠬᠦ᠋ᠢᠴᠡ ᠲᠦᠯᠡᠰᠢ ᠪᠣᠯ ᠨᠢᠭᠡ ᠵᠦᠢᠯ ᠤᠨ ᠳᠠᠬᠢᠨ ᠡᠭᠦᠰᠴᠦ ᠪᠣᠯᠬᠤ ᠲᠦᠭᠦᠬᠡᠶ ᠮᠠᠲ᠋ᠧᠷᠢᠶᠠᠯ ᠢᠶᠠᠷ ᠦᠢᠯᠡᠳᠦᠭᠰᠡᠨ ᠰᠢᠩᠭᠡᠨ ᠪᠡᠶᠡᠲᠦ ᠠᠭᠠᠷ ᠤᠨ ᠠᠶᠠᠯᠠᠯ ᠤᠨ ᠣᠷᠣᠯᠠᠬᠤ  ᠲᠦᠯᠡᠰᠢ  ᠪᠣᠯᠤᠨ᠎ᠠ᠂  ᠤᠯᠠᠮᠵᠢᠯᠠᠯᠲᠤ ᠠᠭᠠᠷ ᠤᠨ ᠠᠶᠠᠯᠠᠯ ᠤᠨ ᠲᠦᠯᠡᠰᠢ ᠲᠠᠢ ᠬᠠᠷᠢᠴᠠᠭᠤᠯᠪᠠᠯ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠤ  ᠬᠠᠮᠤᠭ ᠤᠨ ᠥᠨᠳᠥᠷ ᠲᠡᠭᠡᠨ 80 % ᠶᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ  ᠬᠡᠮᠵᠢᠶ᠎ᠡ ᠶᠢ  ᠪᠠᠭᠤᠷᠠᠭᠤᠯᠵᠤ  ᠪᠣᠯᠤᠨ᠎ᠠ᠃  ᠬᠤᠶᠠᠷ‌‍ᠬᠡᠯᠪᠡᠷᠢ ᠶᠢᠨ ᠤᠯᠤᠰ ᠲᠠᠭᠠᠨ ᠦᠢᠯᠡᠳᠪᠦᠷᠢᠯᠡᠭᠰᠡᠨ  ᠬᠤᠳᠠᠯᠳᠤᠭᠠᠨ ᠤ  ᠬᠡᠷᠡᠭᠯᠡᠭᠡᠨ ᠤ ᠨᠢᠰᠬᠡᠯ ᠤᠨ ᠨᠢᠰᠦᠯᠲᠡ ᠳᠤ  ᠬᠡᠷᠡᠭᠯᠡᠬᠦ‌ᠠᠭᠠᠷ ᠤᠨ ᠠᠶᠠᠯᠠᠯ ᠤᠨ ᠦᠷᠭᠦᠯᠵᠢᠯᠡᠬᠦ᠋ᠢᠴᠡ ᠲᠦᠯᠡᠰᠢ ᠨᠢ  ᠳᠤᠮᠳᠠᠳᠤ  ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ ᠶᠢᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠠᠮᠢᠳᠤ ᠪᠣᠳᠠᠰ ᠤᠨ ᠠᠭᠠᠷ ᠤᠨ ᠠᠶᠠᠯᠠᠯ ᠤᠨ ᠨᠡᠭᠦᠷᠡᠰᠦᠨ ᠤ ᠦᠢᠯᠡᠳᠪᠦᠷᠢᠯᠡᠯ ᠤᠨ ᠮᠡᠷᠭᠡᠵᠢᠯ ᠢ ᠬᠡᠷᠡᠭᠯᠡᠭᠰᠡᠨ ᠪᠦᠭᠡᠳ ᠲᠡᠭᠦᠨ  ᠤ ᠲᠦᠭᠦᠬᠡᠢ ᠮᠠᠲ᠋ᠧᠷᠢᠶᠠᠯ ᠨᠢ  ᠬᠤᠭᠤᠯᠠᠨ ᠤ  ᠦᠯᠡᠳᠡᠪᠦᠷᠢ ᠬᠠᠶᠠᠭᠳᠠᠮᠠᠯ ᠲᠤᠰᠤ ᠠᠴᠠ ᠢᠷᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号