ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠭᠤᠤᠯᠴᠢ ᠬᠡᠮᠵᠢᠯᠳᠡ ᠶᠢ ᠪᠠᠷᠢᠮᠳᠠᠯᠠᠵᠤ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠶᠢ ᠤᠷᠢᠶᠠᠯᠠᠭᠰᠠᠨ ︽ᠭᠠᠷ ᠤᠳᠠᠰᠤ ᠪᠠᠷ ᠪᠠᠷᠢᠮᠵᠢᠶ᠎ᠠ ᠵᠢᠩᠯᠡᠭᠦᠷ ᠪᠤᠯᠭᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/6
      6 ᠰᠠᠷ᠎ᠠ ᠶᠢᠨ 5 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠡᠮᠵᠢᠯᠲᠡ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠰᠠᠭᠤᠷᠢᠰᠢᠯᠠᠭᠤᠯᠵᠤ᠂ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ︾ ᠪᠠᠷ ᠭᠤᠤᠯ ᠰᠡᠳᠦᠪ ᠪᠣᠯᠭᠠᠵᠤ᠂ ᠠᠷᠠᠳ ᠣᠯᠠᠨ ᠤ ᠠᠩᠬᠠᠷᠤᠯ ᠲᠠᠯᠪᠢᠵᠤ ᠪᠠᠶᠢᠭ᠎ᠠ ᠭᠤᠤᠯᠴᠢ ᠬᠡᠮᠵᠢᠯᠲᠡ ᠶᠢᠨ ᠳᠤᠬᠠᠢ ᠬᠠᠯᠠᠮᠰᠢᠯ ᠠᠰᠠᠭᠤᠳᠠᠯ ᠠᠴᠠ ᠭᠠᠷᠳᠠᠵᠤ ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠭᠥᠢᠵᠡᠭᠡᠶᠢᠷᠡᠵᠦ᠂ ︽ᠭᠠᠷ ᠤᠳᠠᠰᠤ ᠪᠠᠷ ᠪᠠᠷᠢᠮᠵᠢᠶ᠎ᠠ ᠵᠢᠩᠯᠡᠭᠦᠷ ᠪᠤᠯᠭᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃       ︽ᠰᠠᠶᠢᠨ ᠤᠤ︖ ᠲᠠᠨ ᠤ ᠭᠠᠷ ᠤᠲᠠᠰᠤ ᠶᠢᠨ ᠬᠦᠨᠳᠦ ᠴᠢᠨᠢ 220 ᠭᠷᠠᠮ ᠪᠣᠯᠣᠨ᠎ᠠ᠃ ᠲᠠᠷᠤᠢ ᠲᠠᠨ ᠤ ᠭᠠᠷ ᠤᠲᠠᠰᠤ ᠪᠣᠯ ᠨᠢᠭᠡ 220 ᠭᠷᠠᠮ ᠲᠠᠤᠬᠠᠢ ᠪᠤᠯᠤᠨ᠎ᠠ᠂ ᠲᠠ ᠬᠤᠳᠠᠯᠳᠤᠭᠠᠴᠢᠨ ᠤ ᠵᠢᠩᠯᠡᠭᠦᠷ ᠳᠡᠭᠡᠷ᠎ᠡ ᠭᠠᠷ ᠤᠳᠠᠰᠤ ᠪᠠᠨ ᠵᠢᠩᠯᠡᠭᠦ ᠳᠤ ᠪᠠᠰᠠ ᠴᠣ᠋220 ᠭᠷᠠᠮ ᠪᠤᠯᠬᠤ ᠪᠠᠷ ᠪᠠᠷᠠᠬᠤ ᠦᠭᠡᠢ ᠠᠯᠳᠠᠪᠤᠷᠢ ᠨᠢ 10 ᠭᠷᠠᠮ ᠬᠡᠲᠦᠷᠡᠭᠰᠡᠨ ᠪᠣᠯ ᠵᠢᠩᠯᠡᠭᠦᠷ ᠨᠢ ᠣᠨᠣᠪᠴᠢ ᠦᠭᠡᠢ  ᠶᠢ ᠢᠯᠡᠷᠭᠡᠶᠢᠯᠡᠨ᠎ᠡ ︾ ᠭᠡᠪᠡ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠠᠵᠢᠯᠲᠠᠨ ᠨᠢᠭᠡ ᠲᠠᠯ᠎ᠠ ᠪᠠᠷ ᠬᠥᠮᠥᠰ ᠲᠤ ᠭᠠᠷ ᠤᠲᠠᠰᠤᠨ ᠤ ᠬᠢᠨᠢ ᠬᠥᠨᠳᠥᠴᠡ ᠶᠢ ᠨᠢ ᠪᠢᠴᠢᠵᠤ ᠥᠭᠴᠤ᠂ ᠨᠥᠭᠦᠭᠡ ᠲᠠᠯ᠎ᠠ ᠪᠠᠷ ᠭᠠᠷ ᠤᠳᠠᠰᠤ ᠪᠠᠷ ᠪᠠᠷᠢᠮᠵᠢᠶ᠎ᠠ ᠵᠢᠩᠯᠡᠭᠦᠷ ᠪᠤᠯᠭᠠᠬᠤ ᠳᠤᠬᠠᠢ ᠲᠠᠢᠯᠪᠤᠷᠢᠯᠠᠵᠤ ᠥᠭᠪᠡ᠃ ᠢᠩᠭᠢᠪᠡᠯ ᠬᠥᠮᠥᠰ ᠥᠷᠭᠦᠯᠵᠢ ᠪᠡᠶ᠎ᠡ ᠳᠡᠭᠡᠨ ᠠᠪᠴᠤ ᠶᠠᠪᠤᠭ᠎ᠠ ᠭᠠᠷ ᠤᠲᠠᠰᠤ ᠨᠢ ᠪᠠᠷᠢᠮᠵᠢᠶ᠎ᠠ ᠵᠢᠩᠯᠡᠭᠦᠷ ᠪᠤᠯᠵᠤ᠂ ᠬᠤᠳᠠᠯᠳᠤᠭᠠᠴᠢᠨ ᠤ ᠬᠡᠷᠡᠭᠯᠡᠵᠦ ᠪᠠᠶᠢᠭ᠎ᠠ ᠡᠯᠧᠺᠲᠷᠣᠨ ᠵᠢᠩᠯᠡᠭᠦᠷ ᠣᠨᠣᠪᠴᠢᠲᠠᠢ ᠡᠰᠡᠬᠦ ᠶᠢ ᠮᠠᠭᠠᠳᠯᠠᠵᠤ᠂ ᠨᠢᠭᠡᠨ ᠪᠢᠴᠢᠬᠠᠨ ᠭᠠᠷ ᠤᠲᠠᠰᠤ ᠪᠠᠷ ᠳᠠᠮᠵᠢᠭᠤᠯᠤᠨ᠂ ᠬᠡᠷᠡᠭᠯᠡᠭᠴᠢᠳ ᠨᠡᠶᠢᠭᠡᠮ ᠤᠨ ᠬᠡᠮᠵᠢᠯᠲᠡ ᠳᠤ ᠬᠢᠨᠠᠯᠲᠠ ᠲᠠᠯᠪᠢᠬᠤ ᠦᠢᠯᠡᠳᠦᠯ ᠢᠶᠠᠨ ᠪᠠᠳᠠᠷᠠᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠨᠡᠨᠴᠢ ᠢᠲᠡᠭᠡᠮᠵᠢᠲᠡᠶ ᠡᠵᠡᠩᠨᠡᠯᠲᠡ ᠬᠢᠭᠦ ᠠᠭᠤᠷ ᠠᠮᠢᠰᠬᠤᠯ ᠢ ᠪᠤᠢ ᠪᠤᠯᠭᠠᠵᠤ᠂ ᠬᠡᠷᠡᠭᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠪᠠᠲᠤᠯᠠᠵᠤ ᠴᠢᠳᠠᠨ᠎ᠠ᠃       ᠤᠬᠠᠭᠤᠯᠭ᠎ᠠ ᠶᠢᠨ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠪᠥ᠋ ᠰᠢᠩ ᠵᠡᠭᠦᠨ ᠵᠡᠭᠡᠯᠢ ᠪᠠ ᠪᠧᠢ ᠵᠢᠶᠠᠩ ᠵᠠᠬ᠎ᠠ ᠳᠡᠯᠭᠡᠭᠦᠷ ᠤᠨ ᠬᠡᠰᠡᠭ ᠬᠤᠳᠠᠯᠳᠤᠭᠠᠴᠢᠨ ᠡᠷᠦᠬᠡ ᠶᠢᠨ ᠡᠯᠧᠺᠲᠷᠣᠨ ᠵᠢᠩᠯᠡᠭᠦᠷ  ᠨᠢ ᠲᠣᠭᠲᠠᠭᠠᠯ ᠳᠤ ᠨᠡᠶᠢᠴᠡᠬᠦ ᠡᠰᠡᠬᠦ ᠶᠢ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ‌ᠬᠤᠳᠠᠯᠳᠤᠭᠠᠴᠢᠨ ᠡᠷᠦᠬᠡ ᠶᠢᠨ ᠡᠯᠧᠺᠲᠷᠣᠨ ᠵᠢᠩᠯᠡᠭᠦᠷ ᠲᠤ ᠲᠡᠷᠡ ᠲᠠᠷᠤᠢ ᠳᠤ ᠨᠢ ᠬᠢᠨᠠᠨ ᠳᠣᠭᠳᠠᠭᠠᠯᠳᠡ ᠬᠢᠵᠥ᠂ ᠬᠢᠷᠢ ᠲᠡᠩᠴᠡᠭᠰᠡᠨ ᠡᠯᠧᠺᠲᠷᠣᠨ ᠵᠢᠩᠯᠡᠭᠦᠷ ᠲᠤ ᠬᠢᠷᠢ ᠲᠡᠩᠴᠡᠭᠰᠡᠨ ᠲᠡᠮᠳᠡᠭ ᠤᠯᠭᠤᠪᠠ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠬᠡᠮᠵᠢᠯᠲᠡ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠢᠳᠡᠪᠬᠢᠲᠡᠶ ᠤᠬᠠᠭᠤᠯᠵᠤ᠂ ᠬᠤᠳᠠᠯᠳᠤᠭᠠᠴᠢᠳ ᠤᠨ ᠦᠨᠡᠨᠴᠢ ᠢᠲᠡᠭᠡᠮᠵᠢᠲᠡᠶ ᠡᠵᠡᠩᠨᠡᠯᠲᠡ ᠶᠢ ᠱᠠᠭᠠᠷᠳᠠᠵᠤ᠂ ᠡᠯᠧᠺᠲᠷᠣᠨ ᠵᠢᠩᠯᠡᠭᠦᠷ ᠤᠨ ᠬᠡᠮᠵᠢᠯᠲᠡ ᠶᠢᠨ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠵᠤ᠂ ᠬᠡᠷᠡᠭᠯᠡᠭᠴᠢᠳ ᠢ ᠰᠠᠨᠠᠭ᠎ᠠ ᠠᠮᠤᠷ  ᠬᠤᠳᠠᠯᠳᠤᠨ ᠠᠪᠬᠤ  ᠶᠢ ᠪᠠᠳᠣᠯᠠᠬᠤ ᠬᠡᠷᠡᠭᠲᠡᠶ ᠭᠡᠵᠦ ᠱᠠᠭᠠᠷᠳᠠᠪᠠ᠃  
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号