ᠨᠢᠭᠡᠳᠦᠭᠡᠷ ᠤᠯᠠᠷᠢᠯ ᠳᠤ ᠪᠥᠬᠦ ᠣᠷᠣᠨ ᠳᠤ ᠳᠡᠯᠭᠡᠷᠡᠭᠦᠯᠦᠭᠰᠡᠨ ᠰᠢᠨ᠎ᠡ ᠡᠨᠧᠷᠭᠢ ᠶᠢᠨ ᠮᠠᠰᠢᠨ ᠲᠡᠷᠭᠡ 1. 7 ᠲᠦᠮᠡ ᠶᠢ ᠳᠠᠪᠠᠪᠠ
ᠨᠡᠶᠢᠲᠡᠯᠡᠭᠰᠡᠨ ᠴᠠᠭ᠄
2024/6/7
      ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠠᠴᠠ  ᠣᠶᠢᠯᠠᠭᠠᠭᠰᠠᠨ ᠨᠢ᠂ ᠡᠨᠡ ᠵᠢᠯ ᠤᠨ ᠨᠢᠭᠡᠳᠦᠭᠡᠷ ᠤᠯᠠᠷᠢᠯ ᠳᠤ᠂ ᠪᠥᠬᠦ ᠣᠷᠣᠨ ᠳᠤ 17281 ᠰᠢᠨ᠎ᠡ ᠡᠨᠧᠷᠭᠢ ᠶᠢᠨ  ᠮᠠᠰᠢᠨ ᠲᠡᠷᠭᠡ ᠶᠢ ᠳᠡᠯᠭᠡᠷᠡᠭᠦᠯᠵᠦ᠂ ᠠᠳᠠᠯᠢ ᠬᠤᠭᠤᠴᠠᠭᠠᠨ ᠤ ᠬᠢ ᠠᠴᠠ 124.5% ᠪᠠᠷ ᠨᠡᠮᠡᠭᠳᠡᠪᠡ᠃         ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠢ ᠬᠥᠭᠵᠢᠭᠦᠯᠬᠦ ᠪᠣᠯ ᠠᠭᠤᠷ ᠠᠮᠢᠰᠬᠤᠯ ᠤᠨ  ᠬᠤᠪᠢᠷᠠᠯᠲᠠ ᠶᠢ ᠠᠷᠭᠠᠴᠠᠭᠠᠬᠤ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ  ᠠᠷᠭ᠎ᠠ ᠬᠡᠮᠵᠢᠶ᠎ᠡ ᠮᠥᠨ᠃ ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠤᠷᠢᠳ ᠬᠤᠵᠢᠳ ︽ᠰᠢᠨ᠎ᠡ  ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠬᠦ ᠲᠤᠬᠠᠢ ᠬᠡᠷᠡᠭᠵᠢᠭᠦᠯᠬᠦ ᠰᠠᠨᠠᠯ︾ ᠵᠡᠷᠭᠡ  ᠲᠥᠷᠥ ᠶᠢᠨ ᠪᠣᠳᠣᠯᠭ᠎ᠠ ᠶᠢᠨ ᠴᠢᠨᠠᠷᠲᠠᠢ ᠣᠯᠠᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂  ᠭᠤᠣᠯᠳᠠᠯᠭ᠎ᠠ ᠲᠠᠢ ᠬᠦᠷᠢᠶᠡᠨ ᠳᠠᠬᠢ ᠳᠡᠯᠭᠡᠷᠡᠭᠦᠯᠬᠦ ᠪᠠᠨ ᠡᠷᠴᠢᠮᠵᠢᠭᠦᠯᠬᠦ᠂ ᠴᠠᠬᠢᠯᠭᠠᠨ ᠴᠡᠨᠡᠭᠯᠡᠵᠦ ᠰᠣᠯᠢᠬᠤ ᠰᠠᠭᠤᠷᠢ  ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ᠂ ᠰᠢᠨ᠎ᠡ ᠡᠨᠧᠷᠭᠢ ᠶᠢᠨ ᠮᠠᠰᠢᠨ  ᠲᠡᠷᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠨᠤᠭᠤᠳ ᠢᠶᠠᠷ ᠪᠠᠶᠢᠷᠢᠯᠠᠭᠤᠯᠵᠤ᠂ ᠰᠢᠨ᠎ᠡ  ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠪᠠᠨ ᠦᠷᠭᠦᠯᠵᠢᠯᠡᠨ ᠡᠷᠴᠢᠮᠵᠢᠭᠦᠯᠪᠡ᠃         ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠠᠬᠢᠭᠤᠯᠤᠯ ᠳᠣᠣᠷ᠎ᠠ᠂ ᠪᠥᠬᠦ ᠣᠷᠣᠨ ᠤ ᠰᠢᠨ᠎ᠡ  ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠭᠰᠡᠨ ᠦᠷ᠎ᠡ ᠪᠦᠲᠦᠮᠵᠢ ᠢᠯᠡᠳᠲᠡ ᠪᠣᠯᠪᠠ᠃ ᠡᠨᠡ ᠵᠢᠯ ᠤᠨ  3 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠳᠤ ᠨᠡᠶᠢᠲᠡ 115673 ᠰᠢᠨ᠎ᠡ ᠡᠨᠧᠷᠭᠢ ᠶᠢᠨ  ᠮᠠᠰᠢᠨ ᠲᠡᠷᠭᠡ ᠶᠢ ᠤᠯᠤᠰ ᠤᠨ ᠬᠢᠨᠠᠨ ᠬᠠᠮᠢᠶᠠᠷᠬᠤ ᠲᠠᠪᠴᠠᠩ ᠳᠤ  ᠵᠠᠯᠭᠠᠪᠠ᠂ ᠡᠭᠦᠨ  ᠳᠤ᠂ ᠴᠤᠯᠤ  ᠴᠠᠬᠢᠯᠭᠠᠨ   ᠬᠥᠳᠡᠯᠭᠡᠭᠦᠷᠲᠦ  ᠮᠠᠰᠢᠨ  ᠲᠡᠷᠭᠡ 59302᠂ ᠬᠤᠯᠢᠮᠠᠭ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ 56371  ᠪᠣᠶ︔ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠶᠠᠯᠠᠭᠰᠠᠨ ᠵᠠᠮ ᠤᠨ ᠣᠷᠳᠣ ᠨᠢ ᠨᠡᠶᠢᠲᠡ 36.52  ᠳ᠋ᠦᠩᠰᠢᠭᠤᠷ ᠺᠢᠯᠣᠮᠧᠳ᠋ᠷ ᠲᠤ ᠬᠦᠷᠴᠦ᠂ ᠴᠠᠬᠢᠯᠭᠠᠨ ᠬᠡᠷᠡᠭᠯᠡᠭᠰᠡᠨ ᠬᠡᠮᠵᠢᠶ᠎ᠡ 14.18 ᠳ᠋ᠦᠩᠰᠢᠭᠤᠷ ᠺᠢᠯᠣᠸᠠᠲ  ᠴᠠᠭ ᠲᠤ ᠬᠦᠷᠴᠦ᠂ 4.11 ᠳ᠋ᠦᠩᠰᠢᠭᠤᠷ ᠯᠢᠳ᠋ᠷ ᠲᠦᠯᠡᠰᠢ ᠶᠢ ᠣᠷᠣᠯᠠᠵᠤ᠂ 178.8 ᠲᠦᠮᠡᠨ ᠲᠣᠨ  ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠪᠠ᠃          
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号