ᠰᠢᠷ᠎ᠠ ᠪᠤᠷᠴᠠᠭ ᠲᠤ ᠸᠢᠷᠦ᠋ᠰ ᠬᠠᠯᠳᠠᠪᠤᠷᠢᠯᠠᠬᠤ ᠵᠢᠮ᠎ᠡ ᠬᠠᠤᠯᠢ
ᠨᠡᠶᠢᠲᠡᠯᠡᠭᠰᠡᠨ ᠴᠠᠭ᠄
2024/6/7
      1. ᠦᠷ᠎ᠡ ᠨᠢ ᠡᠪᠡᠳᠴᠢᠯᠡᠬᠦ᠄ ᠰᠢᠮ᠎ᠡ ᠠᠪᠬᠤ ᠬᠤᠭᠤᠴᠠᠭᠠᠨ ᠳᠤ ᠬᠠᠯᠳᠠᠪᠤᠷᠢᠯᠠᠬᠤ ᠨᠢ ᠬᠡᠳᠦᠢ ᠡᠷᠲᠡ ᠪᠣᠯ  ᠦᠷ᠎ᠡ ᠶᠢᠨ ᠬᠤᠤᠷ ᠢ ᠳᠠᠭᠠᠭᠤᠯᠬᠤ ᠨᠤᠷᠮ᠎ᠠ ᠨᠢ ᠲᠡᠳᠦᠢ ᠥᠨᠳᠥᠷ᠂ ᠡᠪᠡᠳᠴᠢᠨ ᠢ ᠡᠰᠡᠷᠭᠦᠴᠡᠬᠦ ᠡᠭᠦᠯᠳᠡᠷ ᠤᠨ  ᠦᠷ᠎ᠡ ᠶᠢᠨ ᠬᠤᠤᠷ ᠢ ᠳᠠᠭᠠᠭᠤᠯᠬᠤ ᠨᠤᠷᠮ᠎ᠠ ᠨᠢ ᠬᠠᠯᠳᠠᠪᠤᠷᠢᠲᠤ ᠡᠪᠡᠳᠴᠢᠨ ᠤ ᠲᠥᠷᠥᠯ ᠠᠴᠠ ᠢᠯᠡᠳᠲᠡ ᠳᠣᠣᠷ᠎ᠠ  ᠪᠠᠶᠢᠳᠠᠭ᠂ ᠡᠶᠢᠮᠦ ᠠᠴᠠ ᠬᠤᠣᠷᠲᠤ ᠦᠷ᠎ᠠ ᠨᠢ ᠲᠠᠷᠢᠶᠠᠨ ᠤ ᠬᠤᠣᠷᠲᠤ ᠡᠬᠢ ᠰᠤᠷᠪᠤᠯᠵᠢ ᠶᠢᠨ ᠰᠠᠭᠤᠷᠢ ᠪᠣᠯᠣᠨ᠎ᠠ᠃            2. ᠬᠤᠣᠷ ᠳᠠᠷᠬᠠᠭᠠᠭᠰᠠᠨ ᠪᠠᠭᠠᠷᠠᠩ ᠬᠤᠷᠣᠬᠠᠢ ᠶᠢᠨ ᠵᠠᠭᠤᠴᠢ ᠪᠡᠶᠡᠲᠦ ᠨᠢ ᠬᠦᠭᠵᠢᠩᠭᠦᠢ ᠪᠠᠶᠢᠳᠠᠭ᠄  ᠣᠯᠠᠩᠬᠢ ᠳᠠᠯᠠᠪᠴᠢᠳᠤ ᠪᠠᠭᠠᠷᠠᠩ ᠨᠢ ᠰᠢᠷ᠎ᠠ ᠪᠣᠷᠴᠠᠭ ᠤᠨ ᠤᠷᠤᠢ ᠶᠢᠨ ᠳᠠᠪᠬᠤᠷᠭ᠎ᠠ ᠳᠤ ᠣᠷᠣᠵᠤ ᠬᠦᠨᠦᠭᠡᠳᠡᠭ᠂  ᠰᠢᠷ᠎ᠠ ᠨᠣᠭᠤᠭᠠᠨ ᠤᠷᠭᠤᠮᠠᠯ ᠤᠨ ᠡᠰᠢ ᠳᠤ ᠤᠷᠤᠬᠤ ᠨᠤᠷᠮ᠎ᠠ ᠨᠢ ᠭᠦᠨ ᠨᠣᠭᠤᠭᠠᠨ ᠠᠴᠠ ᠢᠯᠡᠭᠦᠦ ᠪᠠᠶᠢᠳᠠᠭ᠃            3. ᠡᠭᠦᠯᠳᠡᠷ ᠤᠨ ᠡᠰᠡᠷᠭᠦᠴᠡᠬᠦ ᠴᠢᠨᠠᠷ᠄ ᠭᠤᠣᠯᠳᠠᠭᠤ ᠲᠠᠷᠢᠶᠠᠨ ᠭᠠᠵᠠᠷ ᠤᠨ ᠠᠩᠬᠠᠨ ᠤ ᠬᠠᠯᠳᠠᠪᠤᠷᠢᠯᠠᠯ ᠤᠨ  ᠢᠷᠡᠯᠲᠡ ᠨᠢ ᠡᠪᠡᠳᠴᠢᠨ ᠤ ᠬᠦᠨᠦᠭᠡᠯ ᠬᠦᠨᠳᠦ ᠨᠤᠴᠢᠲᠠᠢ ᠡᠭᠦᠰᠬᠦ ᠬᠡᠮᠵᠢᠶ᠎ᠡ ᠶᠢ ᠨᠦᠯᠦᠭᠡᠯᠡᠳᠡᠭ᠃            4. ᠪᠤᠰᠤᠳ ᠡᠯᠧᠮᠧᠨ᠋ᠲ᠄ ᠳᠠᠯᠳᠠ ᠥᠰᠦᠯᠲᠡ ᠶᠢᠨ ᠬᠤᠭᠤᠴᠠᠭ᠎ᠠ ᠶᠢᠨ ᠤᠷᠲᠤ ᠣᠬᠤᠷ ᠢ  ᠨᠦᠯᠦᠭᠡᠯᠡᠳᠡᠭ ᠨᠢ ᠳᠤᠯᠠᠭᠠᠨ ᠤ ᠬᠡᠮᠵᠢᠶ᠎ᠡ ᠪᠣᠯᠤᠨ᠎ᠠ᠃ ᠳᠤᠯᠠᠭᠠᠨ ᠤ ᠬᠡᠮᠵᠢᠶ᠎ᠡ ᠨᠢ 30℃ ᠠᠴᠠ ᠥᠨᠳᠥᠷ  ᠦᠶ᠎ᠡ ᠳᠤ ᠡᠪᠡᠳᠴᠢᠨ ᠤ ᠰᠠᠭᠤᠷᠢ ᠳᠠᠯᠳᠠ ᠭᠡᠮ ᠤᠨ ᠦᠵᠡᠭᠳᠡᠯ ᠭᠠᠷᠳᠠᠭ᠃     
 
ᠢᠷᠡᠯᠲᠡ᠄ ᠠᠯᠠᠱᠠ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号