ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠵᠦ᠂ | ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠶᠢᠭᠡᠮ ᠵᠢᠷᠤᠮ ᠤᠨ | ᠭᠤᠣᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ ᠶᠢᠨ ᠲᠥᠯᠥᠭᠡ᠂ ᠣᠶᠢᠷ᠎ᠠ ᠳᠤ᠂ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠯ᠎ᠡ ᠰᠠᠯᠠᠭ᠎ᠠ ᠮᠥᠴᠢᠷ ᠨᠢᠭᠡᠴᠡ ᠪᠣᠯᠤᠨ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠥᠷᠲᠡᠭᠡ ︽ᠲᠤᠯᠤᠭᠠᠨ ᠰᠠᠷ᠎ᠠ ᠶᠢᠨ ᠨᠢᠭᠡᠨ︾ ᠢ ᠪᠡᠯᠭᠡᠯᠡᠬᠦ | ᠠᠯᠢ ᠣᠯᠠᠨ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠮ ᠤᠨ ᠬᠡᠷᠡᠯ ᠰᠠᠴᠤᠷᠠᠩᠭᠤᠶ | ᠥᠩᠭᠡᠷᠡᠯᠲᠡ ᠶᠢ ᠡᠷᠭᠢᠴᠡᠭᠦᠯᠵᠦ᠂ ᠨᠠᠮ ᠤᠨ ᠠᠭᠤᠤ ᠶᠡᠭᠡ ᠠᠮᠵᠢᠯᠲᠠ ᠪᠦᠲᠦᠮᠵᠢ ᠶᠢ ᠮᠠᠭᠲᠠᠨ ᠳᠠᠭᠤᠯᠠᠵᠤ᠂ | ᠨᠠᠮ ᠤᠨ ᠲᠥᠷᠥᠭᠰᠡᠨ ᠡᠳᠦᠷ ᠢ ᠬᠠᠮᠲᠤ ᠪᠠᠷ ᠪᠡᠯᠭᠡᠯᠡᠪᠡ᠃ | ᠤᠮᠠᠷᠠᠲᠤ ᠬᠢᠯᠢ ᠶᠢᠨ ᠬᠠᠮᠲᠤᠷᠠᠭᠰᠠᠨ ᠨᠠᠮ ᠤᠨ ᠬᠤᠷᠢᠶ᠎ᠠ | 6 ᠰᠠᠷ᠎ᠠ ᠶᠢᠨ 26 ᠤ ᠡᠳᠦᠷ᠂ ᠤᠮᠠᠷᠠᠲᠤ ᠬᠢᠯᠢ ᠶᠢᠨ ᠬᠠᠮᠲᠤᠷᠠᠭᠰᠠᠨᠨᠠᠮ ᠤᠨ ᠬᠤᠷᠢᠶ᠎ᠠ ︽ᠰᠡᠳᠬᠢᠯ | ᠨᠢᠭᠡᠳᠦᠨ ᠡᠷᠡᠯᠬᠡᠭᠯᠡᠨ ᠤᠷᠤᠭᠰᠢᠯᠠᠬᠤ︾ ᠪᠠᠷ ᠭᠤᠣᠯ ᠰᠡᠳᠦᠪ ᠪᠣᠯᠭᠠᠵᠤ᠂ ︽ᠲᠤᠯᠤᠭᠠᠨ ᠰᠠᠷ᠎ᠠ ᠶᠢᠨ ᠨᠢᠭᠡᠨ︾ ᠢ | ᠪᠠᠶᠠᠷᠯᠠᠨ ᠤᠭᠲᠤᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠤᠮᠠᠷᠠᠲᠤ ᠬᠢᠯᠢ ᠶᠢᠨ ᠬᠠᠮᠲᠤᠷᠠᠭᠰᠠᠨ ᠨᠠᠮ ᠤᠨ ᠬᠤᠷᠢᠶ᠎ᠠ ᠶᠢᠨ ᠡᠯ᠎ᠡ ᠪᠦᠷᠢᠯᠳᠦᠬᠦᠨ | ᠨᠢᠭᠡᠴᠡ ᠶᠢᠨ ᠨᠠᠮ ᠤᠨ ᠭᠡᠰᠢᠭᠦᠨ ᠺᠠᠳ᠋ᠷ᠂ ᠮᠠᠯᠴᠢᠨ ᠨᠠᠮ ᠤᠨ ᠭᠡᠰᠢᠭᠦᠳ ᠤᠮᠠᠷᠠᠲᠤ ᠶᠢᠨ ᠬᠤᠪᠢᠰᠬᠠᠯ ᠤᠨ | ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠳᠤ ᠬᠦᠷᠴᠦ᠂ ᠭᠠᠯ ᠤᠯᠠᠭᠠᠨ ᠨᠠᠮ ᠤᠨ ᠲᠤᠭ ᠤᠨ ᠡᠮᠦᠨ᠎ᠡ᠂ | ᠨᠠᠮ ᠳᠤ ᠣᠷᠣᠬᠤ ᠲᠠᠩᠭᠠᠷᠢᠭ ᠢᠶᠠᠨ ᠳᠠᠬᠢᠨ ᠬᠢᠪᠡ᠃ ᠳᠠᠷᠠᠭ᠎ᠠ ᠨᠢ᠂ ᠤᠮᠠᠷᠠᠲᠤ ᠬᠢᠯᠢ ᠶᠢᠨ ᠬᠠᠮᠲᠤᠷᠠᠭᠰᠠᠨ ᠨᠠᠮ ᠤᠨ | ᠬᠤᠷᠢᠶᠠᠨ ᠤ 2024 ᠣᠨ ᠤ ᠳᠡᠭᠡᠷ᠎ᠡ ᠬᠠᠭᠠᠰ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠡᠭᠡᠯᠵᠢᠲᠦ | ᠬᠤᠷᠠᠯ ᠵᠢᠴᠢ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠪᠠ᠃ | | ᠪᠠᠶᠠᠨ᠋ᠣ᠋ᠪᠣᠭ᠎ᠠ ᠰᠤᠮᠤ | 6 ᠰᠠᠷ᠎ᠠ ᠶᠢᠨ 24 ᠤ ᠡᠳᠦᠷ᠂ ᠪᠠᠶᠠᠨ᠋ᠣ᠋ᠪᠣᠭ᠎ᠠ ᠰᠤᠮᠤ ᠨᠢ ︽ᠬᠤᠪᠢᠰᠬᠠᠯ ᠤᠨ ᠳᠤᠷᠠᠰᠤᠮᠵᠢ ᠶᠢ | ᠡᠷᠢᠯᠬᠢᠯᠡᠵᠦ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠬᠤ︾ ᠪᠠᠷ ᠭᠤᠣᠯ ᠰᠡᠳᠦᠪ ᠪᠣᠯᠭᠠᠵᠤ᠂ ︽ | ᠲᠤᠯᠤᠭᠠᠨ ᠰᠠᠷ᠎ᠠ ᠶᠢᠨ ᠨᠢᠭᠡᠨ︾ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ | ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠪᠥᠬᠦ ᠨᠠᠮ ᠤᠨ ᠬᠡᠰᠢᠭᠦᠳ ᠨᠠᠮ ᠳᠤ ᠣᠷᠣᠬᠤ ᠲᠠᠩᠭᠠᠷᠢᠭ ᠤᠨ | ᠦᠭᠡᠰ ᠢᠶᠠᠨ ᠳᠠᠬᠢᠨ ᠰᠠᠨᠠᠭᠠᠯᠵᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ︽ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ | ᠮᠣᠩᠭᠤᠯ ᠳᠤ ᠣᠷᠣᠭᠤᠯᠬᠤ︾᠂ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠣᠯᠣᠳ | ᠲᠡᠮᠦᠷ ᠤᠨ ᠺᠣᠮᠫᠠᠨᠢ ᠶᠢ ᠪᠠᠶᠢᠭᠤᠯᠬᠤ︾ ᠵᠡᠷᠭᠡ ᠭᠤᠷᠪᠠᠨ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠵᠦ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠲᠥᠪᠯᠡᠩᠭᠦᠶ | ᠬᠦᠴᠦᠨ ᠢ ᠬᠥᠭᠵᠢᠭᠡᠪᠡ᠃ | ᠪᠠᠲᠤᠬᠠᠭᠠᠯᠭ᠎ᠠ ᠪᠠᠯᠭᠠᠰᠤᠨ ᠤ ᠱᠤᠸᠠᠩ ᠲᠠ ᠵᠡᠭᠡᠯᠢ ᠶᠢᠨ ᠨᠡᠶᠢᠭᠡᠮ ᠲᠣᠭᠤᠷᠢᠭ | ᠣᠶᠢᠷ᠎ᠠ ᠳᠤ᠂ ᠪᠠᠲᠤᠬᠠᠭᠠᠯᠭ᠎ᠠ ᠪᠠᠯᠭᠠᠰᠤᠨ ᠤ ᠱᠤᠸᠠᠩ ᠲᠠ ᠵᠡᠭᠡᠯᠢ ᠶᠢᠨ ᠨᠡᠶᠢᠭᠡᠮ ᠲᠣᠭᠤᠷᠢᠭ ᠤᠨ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠨᠢ ᠲᠠᠯ᠎ᠠ ᠨᠤᠲᠤᠭ ᠤᠨ ᠰᠣᠶᠣᠯ ᠤᠨ ᠣᠷᠳᠣᠨ ᠤ | ᠡᠮᠦᠨ᠎ᠡ ︽ᠲᠤᠯᠤᠭᠠᠨ ᠰᠠᠷ᠎ᠠ ᠶᠢᠨ ᠨᠢᠭᠡᠨ ᠢ ᠪᠡᠯᠭᠡᠯᠡᠵᠦ ᠨᠠᠮ ᠤᠨ ᠠᠴᠢ ᠶᠢ ᠮᠠᠭᠲᠠᠨ ᠳᠠᠭᠤᠯᠠᠬᠤ︾ ᠵᠤᠨ ᠤ | ᠤᠯᠠᠷᠢᠯ ᠤᠨ ᠦᠳᠡᠰᠢᠯᠡᠭᠡ ᠵᠢᠴᠢ 2024 ᠣᠨ ᠤ ︽ᠲᠣᠰᠬᠤᠨ ᠤ ᠦᠳᠡᠰᠢᠯᠡᠭᠡ︾ ᠶᠢᠨ ᠠᠵᠢᠯᠯᠠᠭ᠎ᠠ ᠶᠢ | ᠡᠷᠬᠢᠯᠡᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠨᠠᠮ ᠤᠨ ᠠᠭᠤᠤ ᠶᠡᠭᠡ | ᠠᠮᠵᠢᠯᠲᠠ ᠪᠦᠲᠦᠮᠵᠢ ᠶᠢ ᠮᠠᠭᠲᠠᠨ ᠳᠠᠭᠤᠯᠠᠪᠠ᠃ ᠦᠳᠡᠰᠢᠯᠡᠭᠡ ᠨᠢ ᠬᠤᠰᠢᠭᠤᠨ ᠤ ᠤᠯᠠᠭᠠᠨᠮᠥ᠋ᠴᠢᠷ ᠤᠨ | ᠲᠣᠭᠯᠠᠭᠴᠢᠳ ᠤᠨ ᠬᠠᠮᠲᠤ ᠶᠢᠨ ᠪᠥᠵᠢᠭ ︽ᠮᠣᠷᠢᠨ ᠨᠢᠷᠤᠭᠤᠨ ᠳᠡᠭᠡᠷᠡᠬᠢ ᠥᠯᠥᠭᠡᠢ︾ ᠳᠤᠮᠳᠠ ᠬᠥᠰᠢᠭᠡ ᠪᠠᠨ | ᠰᠡᠬᠦᠵᠦ᠂ ᠪᠠᠳᠠᠭ ᠪᠠᠳᠠᠭ ᠬᠤᠪᠢᠰᠬᠠᠯ ᠤᠨ ᠳᠠᠭᠤᠤ ᠣᠯᠠᠨ ᠢ ᠳᠠᠭᠠᠭᠤᠯᠤᠨ᠂ ᠬᠤᠪᠢᠰᠬᠠᠯ ᠤᠨ ᠦᠶ᠎ᠡ ᠶᠢᠨ | ᠣᠷᠭᠢᠯᠤᠮ᠎ᠠ ᠬᠠᠯᠠᠭᠤᠨ ᠤᠨ ᠰᠠᠷ᠎ᠠ ᠶᠢ ᠳᠠᠬᠢᠨ ᠡᠷᠭᠢᠴᠡᠭᠦᠯᠵᠦ᠂ ᠪᠥᠵᠢᠭ ᠪᠥᠷᠢ ᠨᠢ ᠨᠠᠮ ᠳᠠᠭᠠᠨ ᠦᠨᠡᠨᠴᠢ | ᠰᠢᠳᠤᠷᠭᠤ ᠬᠠᠶᠢᠷ᠎ᠠ ᠰᠡᠳᠬᠢᠯᠭᠡ ᠪᠠᠨ ᠢᠯᠡᠳᠬᠡᠪᠡ᠃ | ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ | ᠣᠶᠢᠷ᠎ᠠ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠶᠢᠨ ᠨᠠᠮ ᠤᠨ ᠶᠡᠷᠦᠩᠬᠡᠶ ᠨᠠᠮ ᠤᠨ ᠡᠭᠦᠷ ᠨᠢ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ︽ᠡᠭᠦᠷᠢᠳᠡ ᠨᠠᠮ ᠢᠶᠠᠨ ᠳᠠᠭᠠᠵᠤ | ᠢᠳᠡᠷᠡᠭᠦᠨ ᠠᠯᠬᠤᠨ᠎ᠠ︾ ᠬᠡᠰᠡᠨ ᠰᠡᠳᠥᠪᠳᠥ ︽ᠲᠤᠯᠤᠭᠠᠨ ᠰᠠᠷ᠎ᠠ ᠶᠢᠨ ᠨᠢᠭᠡᠨ︾ ᠢ ᠤᠭᠲᠤᠬᠤ ᠢᠳᠡᠷᠡᠭᠦᠨ | ᠠᠯᠬᠤᠭ᠎ᠠ ᠶᠢᠨ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠨᠠᠮ ᠤᠨ ᠭᠡᠰᠢᠭᠦᠨ ᠺᠠᠳ᠋ᠷ | ᠠᠵᠢᠯᠲᠠᠨ ᠤ ᠢᠳᠡᠪᠬᠢᠲᠡᠶ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠨᠠᠮ ᠤᠨ | ᠠᠴᠢ ᠳᠤ ᠳᠠᠯᠠᠷᠬᠠᠵᠤ᠂ ᠨᠠᠮ ᠤᠨ ᠦᠭᠡ ᠶᠢ ᠰᠣᠨᠤᠰᠴᠤ᠂ ᠨᠠᠮ ᠢᠶᠠᠨ ᠳᠠᠭᠠᠬᠤ ᠬᠠᠮᠲᠤ ᠶᠢᠨ ᠲᠠᠨᠢᠯᠲᠠ ᠶᠢ | ᠨᠢᠭᠲᠠᠷᠠᠭᠤᠯᠪᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳᠤᠭ᠎ᠠ ᠪᠠᠷᠢᠮᠳᠠ ᠶᠢᠨ ᠬᠠᠮᠢᠶᠠᠷᠤᠯᠲᠠ ᠶᠢᠨ ᠲᠣᠪᠴᠢᠶ᠎ᠠ | 6 ᠰᠠᠷ᠎ᠠ ᠶᠢᠨ 28 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡ ᠪᠣᠯᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠡᠭᠦᠷ ︽ | ᠤᠭ ᠰᠠᠨᠠᠭ᠎ᠠ ᠪᠠᠨ ᠦᠯᠦ ᠮᠠᠷᠳᠠᠨ ᠨᠠᠮ ᠢᠶᠠᠨ ᠳᠠᠭᠠᠵᠤ᠂ ᠡᠷᠡᠮᠡᠬᠡᠶᠢᠯᠡᠨ ᠳᠠᠪᠰᠢᠵᠥ᠂ ᠲᠤᠯᠤᠭᠠᠨ ᠰᠠᠷ᠎ᠠ ᠶᠢᠨ ᠨᠢᠭᠡᠨ | ᠢᠶᠠᠨ ᠪᠠᠶᠠᠷᠯᠠᠨ ᠤᠭᠲᠤᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠨᠠᠮ ᠤᠨ | ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠣᠯᠤᠨ ᠳᠠᠶᠢᠴᠢᠯᠠᠬᠤ ᠬᠦᠴᠦᠨ ᠢ ᠳᠡᠭᠡᠭᠰᠢᠯᠡᠭᠦᠯᠵᠦ᠂ | ᠨᠠᠮ ᠤᠨ ᠭᠡᠰᠢᠭᠦᠳ ᠤᠨ ᠰᠢᠨ᠎ᠡ ᠠᠶᠠᠨ ᠵᠠᠮ ᠳᠠᠭᠠᠨ ᠦᠷᠭᠦᠯᠵᠢᠯᠡᠨ ᠡᠷᠡᠮᠡᠬᠡᠶᠢᠯᠡᠨ ᠤᠷᠤᠭᠰᠢᠯᠠᠬᠤ ᠶᠢ | ᠵᠣᠷᠢᠭᠵᠢᠭᠤᠯᠪᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠠᠩᠰᠠ ᠡᠪᠬᠡᠮᠡᠯ ᠤᠨ ᠣᠷᠳᠣᠨ | 6 ᠰᠠᠷ᠎ᠠ ᠶᠢᠨ 28 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠩᠰᠠ ᠡᠪᠬᠡᠮᠡᠯ ᠤᠨ | ᠣᠷᠳᠣᠨ ᠪᠠᠲᠤᠬᠠᠭᠠᠯᠭ᠎ᠠ ᠪᠠᠯᠭᠠᠰᠤᠨ ᠤ ᠱᠦᠢ ᠲᠠ ᠵᠡᠭᠡᠯᠢ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ | ᠪᠦᠷᠢᠯᠳᠦᠬᠦᠨ ᠨᠢᠭᠡᠴᠡ ᠲᠠᠢ ᠬᠠᠮᠲᠤᠷᠠᠨ᠂ ︽ᠤᠭ ᠰᠠᠨᠠᠭ᠎ᠠ ᠪᠠᠨ ᠰᠠᠬᠢᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ | ᠂ ᠠᠶᠠᠨ ᠵᠠᠮ ᠢᠶᠠᠨ ᠡᠷᠬᠢᠴᠡᠭᠦᠯᠥᠨ ᠨᠠᠮ ᠤᠨ ᠠᠴᠢ ᠶᠢ ᠮᠠᠭᠲᠠᠨ ᠳᠠᠭᠤᠯᠠᠬᠤ︾ ᠭᠤᠣᠯ ᠰᠡᠳᠦᠪᠲᠦ ᠨᠠᠮ ᠤᠨ | ᠡᠳᠦᠷ ᠤᠨ ᠠᠵᠢᠯᠯᠠᠭ᠎ᠠ ᠶᠢ ᠬᠠᠮᠲᠤ ᠪᠠᠷ ᠥᠷᠨᠢᠭᠦᠯᠪᠡ᠃ ᠨᠠᠮ ᠤᠨ ᠭᠡᠷᠡᠯ ᠰᠠᠴᠤᠷᠠᠩᠭᠤᠢ ᠲᠡᠦᠬᠡ ᠶᠢ | ᠡᠷᠭᠢᠴᠡᠭᠦᠯᠬᠦ ᠪᠠᠷ ᠳᠠᠮᠵᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠲᠤ ᠨᠠᠮ ᠤᠨ ᠠᠭᠤᠤ ᠭᠠᠪᠢᠶ᠎ᠠ ᠠᠤᠭ᠎ᠠ | ᠵᠢᠳᠬᠦᠯ ᠢ ᠤᠯᠠᠮ ᠴᠢᠨᠠᠭᠰᠢᠳᠠ ᠮᠡᠳᠡᠷᠡᠭᠦᠯᠵᠦ᠂ ᠨᠠᠮ ᠤᠨ ᠭᠡᠷᠡᠯ ᠰᠠᠴᠤᠷᠠᠩᠭᠤᠢ ᠲᠡᠦᠬᠡ ᠶᠢ ᠪᠠᠲᠤ ᠴᠡᠭᠡᠵᠢᠯᠡᠵᠦ᠂ | ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠪᠡ᠃ | | | | | |